ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-12-26

      ᠡᠨᠡ ᠵᠢᠯ᠎ᠤᠨ 12 ᠰᠠᠷ᠎ᠠ ᠵᠢᠨ 4 ᠎ᠤ ᠡᠳᠦᠷ ᠪᠣᠯ ᠠᠷᠪᠠᠳᠠᠭᠢ ᠤᠯᠤᠰ᠎ᠤᠨ ᠦᠨᠳᠦᠰᠦᠨ ᠬᠠᠤᠯᠢ ᠵᠢᠨ ᠡᠳᠦᠷ ᠪᠣᠯᠣᠨ᠎ᠠ᠂ ᠮᠠᠤ ᠽᠦ᠍ ᠳ᠋ᠦᠩ ᠨᠥᠬᠥᠷ᠎ᠤᠨ ᠴᠣᠬᠣᠯᠠᠪᠤᠷᠢᠯᠠᠭᠰᠠᠨ 《ᠹᠧᠩ ᠴᠢᠶᠣᠣ ᠵᠢᠨ ᠲᠤᠷᠰᠢᠯᠭ᠎ᠠ》 ᠵᠢ ᠰᠤᠷᠤᠯᠴᠠᠨ ᠳᠡᠯᠭᠡᠷᠡᠭᠦᠯᠦᠭᠰᠡᠨ 60 ᠵᠢᠯ᠎ᠤᠨ ᠤᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 《2023 ᠣᠨ᠎ᠤ ᠪᠦᠬᠦ ᠣᠷᠣᠨ᠎ᠤ 〈ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ〉᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠶᠣᠰᠣᠭ᠋ᠠᠷ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ᠎ᠠᠴᠠ ᠪᠦᠬᠦ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠵᠤ 12 ᠰᠠᠷ᠎ᠠ ᠵᠢᠨ 1᠎ᠤ ᠦᠳᠡ ᠵᠢᠨ ᠬᠣᠢ᠌ᠨ᠎ᠠ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃

      ᠬᠤᠷᠠᠯ᠎ᠠᠴᠠ ᠡᠮᠦᠨ᠎ᠡ᠂ ᠤᠯᠠᠨ ᠵᠶ᠋ᠠᠷ ᠵᠶ᠋ᠠᠨ ᠪᠦᠬᠦ ᠤᠯᠤᠰ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠯᠪᠠᠨ ᠭᠡᠷ᠎ᠤᠨ ᠨᠡᠢ᠌ᠲᠡᠯᠡᠭᠰᠡᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠬᠤ ᠵᠢ ᠬᠠᠪᠰᠤᠷᠤᠨ ᠵᠢᠯᠤᠭᠣᠳᠬᠤ ᠰᠢᠷᠢᠰ ᠸᠢᠳᠢᠤ᠋ ᠵᠢ ᠥᠪᠡᠷ ᠵᠶ᠋ᠡᠨ ᠰᠤᠷᠤᠯᠴᠠᠵᠤ᠂ ᠬᠤᠷᠠᠯ ᠳᠡᠭᠡᠷ᠎ᠡ 《ᠤᠮᠠᠷᠠᠲᠤ ᠬᠢᠯᠢ᠎ᠳᠤ ᠬᠠᠤᠯᠢ ᠴᠠᠭ᠋ᠠᠵᠠ ᠲᠦᠭᠡᠮᠡᠯᠵᠢᠭᠦᠯᠬᠦ》 ᠸᠢᠳᠢᠤ᠋ ᠳ᠋ᠤᠭ᠋ᠠᠷ ᠵᠶ᠋ᠠᠷ ᠨᠡᠪᠲᠡᠷᠡᠭᠦᠯᠦᠭᠰᠡᠨ 《〈ᠨᠠᠢ᠍ᠮᠠᠳᠤᠭ᠋ᠠᠷ ᠲᠠᠪᠤᠨ ᠵᠢᠯ〉᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠪᠠᠭᠰᠢ ᠦᠨᠳᠦᠰᠦᠨ ᠬᠠᠤᠯᠢ ᠵᠢᠨ ᠲᠤᠬᠠᠢ ᠶᠠᠷᠢᠬᠤ》 ᠰᠢᠷᠢᠰ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠶᠠᠷᠢᠶᠠᠨ᠎ᠤ ᠲᠠᠩᠬᠢᠮ᠎ᠤᠨ ᠫᠷᠣᠭ᠌ᠷᠠᠮ᠎ᠢ ᠲᠥᠪᠯᠡᠷᠡᠭᠦᠯᠦᠨ ᠦᠵᠡᠪᠡ᠃ ᠡᠭᠦᠨ᠎ᠤ ᠳᠠᠷᠠᠭ᠎ᠠ᠂ 《ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ》 ᠵᠢᠷᠭᠢᠶ᠎ᠡ ᠵᠢᠨ ᠨᠠᠢ᠌ᠳᠠ ᠵᠢᠨ ᠳ᠋ᠤᠭ᠋ᠠᠷ ᠵᠶ᠋ᠠᠷ ᠳᠠᠮᠵᠢᠭᠤᠯᠤᠨ ᠬᠠᠤᠯᠢ ᠴᠠᠭ᠋ᠠᠵᠠ ᠵᠢᠨ ᠶᠠᠮᠤᠨ᠂ ᠪᠥᠬᠥ ᠤᠯᠤᠰ᠎ᠤᠨ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠯᠪᠠᠨ ᠭᠡᠷ᠎ᠤᠨ ᠵᠣᠬᠢᠶᠠᠨ ᠪᠠᠢ᠌ᠭᠤᠯᠵᠤ ᠥᠷᠨᠢᠭᠦᠯᠦᠭᠰᠡᠨ ᠦᠨᠳᠦᠰᠦᠨ ᠬᠠᠤᠯᠢ ᠵᠢᠨ ᠮᠡᠳᠡᠯᠭᠡ ᠵᠢᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ᠃

      ᠲᠣᠰ ᠤᠳᠠᠭ᠋ᠠᠨ᠎ᠤ ᠨᠠᠮ᠎ᠤᠨ ᠡᠳᠦᠷ᠎ᠤᠨ ᠠᠵᠢᠯᠯᠠᠭ᠎ᠠ᠎ᠨᠢ ᠪᠥᠬᠥ ᠠᠩᠭᠢ ᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠰᠢᠨ᠎ᠡ ᠴᠠᠭ ᠦᠶ᠎ᠡ ᠵᠢᠨ ᠦᠨᠳᠦᠰᠦᠨ ᠬᠠᠤᠯᠢ᠎ᠪᠠᠷ ᠤᠯᠤᠰ ᠵᠶ᠋ᠠᠨ ᠵᠠᠰᠠᠬᠤ᠂ ᠦᠨᠳᠦᠰᠦᠨ ᠬᠠᠤᠯᠢ᠎ᠪᠠᠷ ᠲᠥᠷᠥ ᠪᠠᠷᠢᠬᠤ ᠵᠢᠨ ᠠᠭᠤᠯᠤᠭᠳᠠᠬᠤᠨ᠎ᠢ ᠭᠦᠨᠵᠡᠭᠡᠢ ᠣᠢ᠌ᠯᠠᠭ᠋ᠠᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠤᠯᠠᠨ ᠵᠶ᠋ᠠᠷ ᠵᠶ᠋ᠠᠨ᠂ ᠬᠣᠶ᠋ᠢᠰᠢᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ ᠳᠤᠮᠳᠠ᠂ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠦᠨᠳᠦᠰᠦᠨ ᠬᠠᠤᠯᠢ ᠵᠢᠨ ᠰᠤᠷᠤᠯᠴᠠᠯᠭ᠎ᠠ ᠵᠢᠴᠢ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢ ᠤᠬᠠᠮᠰᠠᠷ᠎ᠠᠴᠠ᠎ᠪᠠᠨ ᠰᠠᠶ᠋ᠢᠲᠤᠷ ᠬᠢᠵᠦ᠂ ᠲᠤᠰ ᠪᠡᠶ᠎ᠡ ᠵᠢᠨ ᠬᠠᠤᠯᠢᠵᠢᠯ᠎ᠤᠨ ᠬᠡᠪ ᠪᠣᠯᠪᠠᠰᠤᠷᠠᠯ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠦᠨᠡᠨᠬᠦ ᠠᠵᠢᠯ᠎ᠤᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠤᠨ᠎ᠠ ᠭᠡᠵᠦ ᠡᠷᠡᠰ ᠪᠠᠲᠤ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠭᠤᠷᠪᠠᠳᠤᠭ᠋ᠠᠷ ᠡᠭᠡᠯᠵᠢ ᠵᠢᠨ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠰᠠᠭᠤᠷᠢᠨ ᠪᠠᠢ᠌ᠭᠤᠯᠤᠭᠳᠠᠪᠠ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠲᠣᠭᠣᠷᠢᠨ᠎ᠳᠤ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠣᠪᠠ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠴᠢᠬᠡᠴᠢ ᠵᠠᠰᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
 
             蒙ICP备05000248号