ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠭᠤᠷᠪᠠᠳᠤᠭ᠋ᠠᠷ ᠡᠭᠡᠯᠵᠢ ᠵᠢᠨ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠨᠡᠶ᠋ᠢᠲᠡᠯᠡᠭᠰᠡᠨ ᠴᠠᠭ᠄ 2023-12-27

      ᠬᠠᠤᠯᠢ ᠬᠡᠷᠡᠭᠵᠢᠭᠦᠯᠬᠦ ᠬᠡᠷᠡᠭ᠎ᠤᠨ ᠡᠪᠬᠡᠮᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠣᠨ᠎ᠤ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠴᠡᠷᠢᠭ᠎ᠤᠨ ᠪᠣᠯᠪᠠᠰᠤᠷᠠᠯ᠎ᠤᠨ ᠪᠣᠳᠠᠲᠤ ᠦᠷ᠎ᠡ ᠪᠦᠲᠦᠮᠵᠢ ᠪᠠ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠬᠡᠷᠡᠭ᠎ᠤᠨ ᠡᠪᠬᠡᠮᠡᠯ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 《2023 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠶᠡᠬᠡ ᠪᠣᠯᠪᠠᠰᠤᠷᠠᠭᠤᠯᠤᠯ᠎ᠤᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ (ᠮᠥᠷᠳᠡᠨ ᠪᠠᠢ᠌ᠴᠠᠭ᠋ᠠᠬᠤ) ᠬᠡᠷᠡᠭᠵᠢᠭᠦᠯᠬᠦ ᠲᠥᠰᠥᠯ》᠎ᠤᠨ ᠱᠠᠭ᠋ᠠᠷᠳᠠᠯᠭ᠎ᠠ ᠶᠣᠰᠣᠭ᠋ᠠᠷ᠂ ᠣᠢ᠌ᠷ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ 2023 ᠣᠨ᠎ᠤ ᠭᠤᠷᠪᠠᠳᠤᠭ᠋ᠠᠷ ᠡᠭᠡᠯᠵᠢ ᠵᠢᠨ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠠᠵᠢᠯ ᠥᠷᠨᠢᠭᠦᠯᠪᠡ᠃

      ᠲᠣᠰ ᠤᠳᠠᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ᠎ᠳᠤ᠂ ᠪᠥᠬᠥ ᠣᠷᠣᠨ᠎ᠤ 12 ᠠᠶ᠋ᠢᠮᠠᠭ ᠬᠣᠲᠠ ᠵᠢᠨ 40 ᠭᠠᠷᠤᠢ ᠦᠨᠡᠯᠡᠨ ᠪᠠᠢ᠌ᠴᠠᠭ᠋ᠠᠬᠤ ᠭᠣᠣᠯᠯᠠᠭᠴᠢ ᠬᠦᠴᠦᠨ᠎ᠢ ᠲᠠᠲᠠᠵᠤ᠂ 《2023 ᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠤᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠨᠠᠷᠢᠨ ᠳᠦᠷᠢᠮ (ᠵᠠᠰᠠᠪᠤᠷᠢ ᠣᠷᠣᠭᠤᠯᠤᠭᠰᠠᠨ ᠬᠡᠪᠯᠡᠯ)》᠎ᠢ ᠴᠢᠩᠭ᠎ᠠ ᠵᠢᠷᠤᠮᠯᠠᠨ᠂ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠭᠤᠷᠪᠠᠳᠤᠭ᠋ᠠᠷ ᠤᠯᠠᠷᠢᠯ᠎ᠳᠤ ᠪᠠᠭᠤᠯᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠣᠭᠲᠠᠭ᠋ᠠᠯ 350 ᠭᠠᠷᠤᠢ ᠬᠤᠪᠢ ᠡᠩ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠡᠷᠡᠭ᠎ᠤᠨ ᠡᠪᠬᠡᠮᠡᠯ ᠵᠢᠴᠢ 5 ᠲᠥᠷᠥᠯ᠎ᠤᠨ ᠬᠡᠷᠡᠭ᠎ᠤᠨ ᠡᠪᠬᠡᠮᠡᠯ᠎ᠳᠤ ᠬᠠᠤᠯᠢ ᠶᠣᠰᠣᠴᠢ ᠴᠢᠨᠠᠷ᠂ ᠵᠢᠷᠤᠮᠵᠢᠯᠳᠤ ᠴᠢᠨᠠᠷ ᠪᠠ ᠬᠤᠪᠢ ᠨᠡᠮᠡᠬᠦ ᠵᠦᠢ᠍ᠯ᠎ᠳᠤ ᠦᠨᠡᠯᠡᠨ ᠪᠠᠢ᠌ᠴᠠᠭ᠋ᠠᠯᠲᠠ ᠬᠢᠨ᠎ᠡ᠃

      ᠦᠨᠡᠯᠡᠨ ᠪᠠᠢ᠌ᠴᠠᠭ᠋ᠠᠬᠤ ᠶᠠᠪᠤᠴᠠ᠎ᠳᠤ᠂ ᠦᠨᠡᠯᠡᠨ ᠪᠠᠢ᠌ᠴᠠᠭ᠋ᠠᠬᠤ ᠠᠵᠢᠯᠲᠠᠨ 《ᠡᠷᠬᠡ ᠲᠡᠭᠰᠢ᠂ ᠲᠥᠪ ᠭᠣᠣᠯᠴᠢ᠂ ᠢᠯᠡ ᠪᠠᠢ᠌ᠯᠭ᠋ᠠᠬᠤ》 ᠵᠠᠷᠴᠢᠮ ᠶᠣᠰᠣᠭ᠋ᠠᠷ᠂ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ ᠨᠢᠭᠡᠪᠦᠷᠢ ᠵᠢ ᠨᠠᠷᠢᠨ ᠬᠢᠨᠠᠮᠠᠭ᠋ᠠᠢ ᠦᠨᠡᠯᠡᠨ ᠪᠠᠢ᠌ᠴᠠᠭ᠋ᠠᠵᠤ᠂ ᠵᠦᠢ᠍ᠯ ᠵᠤᠷᠪᠤᠰ ᠳᠠᠷᠠᠭ᠋ᠠᠯᠠᠨ ᠬᠤᠪᠢ ᠣᠯᠭᠣᠨ᠎ᠠ᠃ ᠦᠨᠡᠯᠡᠨ ᠪᠠᠢ᠌ᠴᠠᠭ᠋ᠠᠵᠤ ᠳᠠᠭᠤᠰᠤᠭᠰᠠᠨ᠎ᠤ ᠳᠠᠷᠠᠭ᠎ᠠ᠂ ᠣᠯᠵᠤ ᠮᠡᠳᠡᠭᠰᠡᠨ ᠠᠰᠠᠭᠤᠳᠠᠯ ᠵᠶ᠋ᠠᠨ ᠬᠠᠮᠢᠶ᠎ᠠ ᠪᠦᠬᠦᠢ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠳᠤ ᠴᠠᠭ ᠲᠤᠬᠠᠢ᠎ᠳᠤᠨᠢ ᠬᠠᠷᠢᠭᠤ ᠲᠤᠰᠬᠠᠵᠤ᠂ ᠡᠯ᠎ᠡ ᠭᠠᠵᠠᠷ᠎ᠤᠨ ᠬᠠᠤᠯᠢ ᠬᠡᠷᠡᠭᠵᠢᠭᠦᠯᠬᠦ ᠬᠡᠷᠡᠭ᠎ᠤᠨ ᠡᠪᠬᠡᠮᠡᠯ᠎ᠤᠨ ᠬᠡᠯᠪᠡᠷᠢᠯ᠎ᠢ ᠵᠠᠯᠠᠷᠠᠭᠤᠯᠬᠤ ᠡᠷᠴᠢᠮ ᠵᠶ᠋ᠡᠨ ᠴᠢᠩᠭ᠋ᠠᠷᠠᠭᠤᠯᠬᠤ ᠵᠢ ᠱᠠᠯᠠᠪᠳᠠᠭᠤᠯᠤᠨ ᠵᠢᠯᠤᠭᠣᠳᠴᠤ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠵᠤᠷᠪᠤᠰ ᠳᠠᠷᠠᠭ᠋ᠠᠯᠠᠨ ᠲᠣᠭᠲᠠᠭ᠋ᠠᠵᠤ᠂ ᠴᠢᠭᠯᠡᠭᠦᠯᠬᠦ ᠴᠢᠨᠠᠷᠲᠠᠢ᠎ᠪᠠᠷ ᠴᠡᠭᠴᠡᠯᠡᠨ ᠰᠠᠢ᠌ᠵᠢᠷᠠᠭᠤᠯᠤᠨ᠎ᠠ; ᠡᠭᠦᠨ᠎ᠤ ᠬᠠᠮᠲᠤ᠂ ᠨᠢᠭᠡ᠎ᠠᠴᠠ ᠨᠥᠭᠥᠭᠡ ᠵᠢ ᠵᠦᠢ᠍ᠴᠢᠯᠡᠨ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠡᠷᠡᠭ᠎ᠢ ᠪᠠᠢ᠌ᠴᠠᠭ᠋ᠠᠵᠤ ᠭᠡᠷᠡᠴᠢ ᠠᠪᠬᠤ᠂ ᠬᠡᠷᠡᠭ᠎ᠤᠨ ᠡᠪᠬᠡᠮᠡᠯ᠎ᠢ ᠳᠠᠩᠰᠠᠯᠠᠬᠤ ᠵᠡᠷᠭᠡ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠷᠬᠢᠭᠳᠠᠭᠤᠯᠤᠯ᠎ᠢ ᠪᠠᠢ᠌ᠴᠠᠭ᠋ᠠᠵᠤ ᠳᠤᠲᠠᠭᠤᠳᠠᠯ᠎ᠢ ᠨᠥᠬᠥᠪᠦᠷᠢᠯᠡᠨ᠂ ᠳᠤᠲᠠᠭᠤᠳᠠᠯ᠎ᠢ ᠨᠥᠬᠥᠪᠦᠷᠢᠯᠡᠵᠦ᠂ ᠬᠠᠤᠯᠢ ᠬᠡᠷᠡᠭᠵᠢᠭᠦᠯᠬᠦ ᠬᠡᠷᠡᠭ᠎ᠤᠨ ᠡᠪᠬᠡᠮᠡᠯ᠎ᠤᠨ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠪᠡ᠃

      ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠤᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠪᠥᠬᠥ ᠣᠷᠣᠨ᠎ᠤ ᠵᠠᠰᠠᠭ ᠵᠠᠬᠢᠷᠭ᠋ᠠᠨ᠎ᠤ ᠰᠢᠳᠬᠡᠯ᠎ᠤᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠵᠢ ᠨᠡᠢ᠌ᠳᠡᠮ ᠬᠡᠷᠡᠭᠵᠢᠭᠦᠯᠬᠦ ᠵᠢ ᠴᠢᠷᠮᠠᠢ᠌ᠨ ᠪᠡᠶᠡᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠷᠢ ᠲᠦᠪᠰᠢᠨ᠎ᠢ ᠦᠨᠡᠨᠬᠦ ᠳᠡᠬᠡᠭᠰᠢᠯᠡᠬᠦᠯᠦᠨ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠰᠠᠭᠤᠷᠢᠨ ᠪᠠᠢ᠌ᠭᠤᠯᠤᠭᠳᠠᠪᠠ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠲᠣᠭᠣᠷᠢᠨ᠎ᠳᠤ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠣᠪᠠ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠴᠢᠬᠡᠴᠢ ᠵᠠᠰᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ 《ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠴᠡᠯᠮᠡᠭ ᠲᠡᠭᠷᠢ》 ᠵᠢ ᠬᠦᠴᠦᠯᠡᠨ ᠬᠠᠮᠠᠭ᠋ᠠᠯᠠᠪᠠ
 
             蒙ICP备05000248号