ᠨᠠᠮᠤᠨ ᠭᠡᠰᠢᠭᠦᠨ ᠺᠠᠳ᠋ᠷ ᠤᠯᠠᠨ ᠲᠦᠮᠡᠨᠢ ᠬᠥᠲᠥᠯᠥᠨ ᠵᠢᠯᠤᠭᠣᠳᠴᠤ ᠪᠠᠶ᠋ᠢᠭ᠋ᠠᠳ ᠲᠠᠯᠠᠷᠬᠠᠯᠤᠨ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ ᠲᠥᠷᠥ ᠵᠢᠨ ᠶᠠᠪᠤᠳᠠᠯᠤᠨ ᠬᠣᠷᠢᠶᠠ ᠵᠢᠨ 《ᠥᠪᠥᠷ ᠮᠣᠩᠭᠣᠯᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰᠤᠨ ᠮᠠᠶᠢᠭᠤᠨ ᠣᠳᠣᠬᠢᠴᠢᠯᠠᠯᠲᠠ ᠵᠢᠨ ᠰᠢᠨᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨᠡ)ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠵᠢᠨ ᠲᠥᠯᠥᠭᠡ᠂ 11 ᠰᠠᠷᠠ ᠵᠢᠨ 16ᠤ ᠡᠳᠦᠷ᠂ ᠥᠪᠡᠷᠲᠡᠭᠡᠨ ᠵᠠᠰᠠᠬᠤ ᠣᠷᠣᠨᠤ ᠠᠮᠢ ᠠᠬᠤᠢ ᠣᠷᠴᠢᠨ ᠲᠣᠭᠣᠷᠢᠨᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮᠤᠨ ᠶᠡᠷᠦᠩᠬᠡᠢ ᠡᠭᠦᠷᠤᠨᠬᠢᠨ 《ᠨᠠᠮᠤᠨ ᠠᠴᠢᠳᠤ ᠲᠠᠯᠠᠷᠬᠠᠵᠤ᠂ ᠨᠠᠮᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠥᠷᠨᠢᠭᠦᠯᠪᠡ᠃
ᠤᠬᠠᠭᠤᠯᠤᠨ ᠲᠠᠢ᠌ᠯᠪᠤᠷᠢᠯᠠᠬᠤ ᠬᠤᠷᠠᠯ ᠳᠡᠭᠡᠷᠡ᠂ ᠨᠠᠮᠤᠨ ᠶᠡᠷᠦᠩᠬᠡᠢ ᠡᠭᠦᠷᠤᠨ ᠱᠦᠵᠢ ᠴᠧᠨ ᠵᠢᠶᠦ᠋ᠨ ᠨᠥᠬᠥᠷ 《ᠲᠠᠪᠤᠨ ᠥᠭᠦᠯᠡᠪᠦᠷᠢ》 ᠵᠢᠨ ᠪᠣᠳᠠᠲᠤ ᠶᠠᠪᠤᠳᠠᠯ ᠪᠠ ᠶᠣᠰᠣ ᠤᠴᠢᠷᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠶᠡᠷᠦᠩᠬᠡᠢ ᠱᠦᠵᠢ ᠰᠢ ᠵᠢᠨ ᠫᠢᠩᠤᠨ ᠥᠪᠥᠷ ᠮᠣᠩᠭᠣᠯᠳᠠᠬᠢ ᠬᠠᠶ᠋ᠢᠷᠠ ᠬᠠᠯᠠᠮᠵᠢ ᠪᠠ ᠬᠦᠰᠡᠯ ᠨᠠᠢ᠌ᠳᠠᠯᠭᠠ ᠵᠢ ᠭᠦᠨᠵᠡᠭᠡᠢ ᠣᠢ᠌ᠯᠠᠭ᠋ᠠᠵᠤ᠂ 《ᠰᠠᠨᠠᠯ》ᠤᠨ ᠵᠣᠷᠢᠭ ᠰᠠᠨᠠᠭᠠ ᠵᠢ ᠪᠥᠬᠥ ᠲᠠᠯᠠᠪᠠᠷ ᠣᠨᠣᠪᠴᠢᠲᠠᠢ ᠡᠵᠡᠮᠳᠡᠬᠦ ᠪᠠ ᠲᠠᠯᠠᠷᠬᠠᠯᠤᠨ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠷ 《ᠰᠠᠨᠠᠯ》ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠳᠥᠷᠪᠡᠨ ᠲᠠᠯᠠᠠᠴᠠ ᠲᠠᠢ᠌ᠯᠤᠮᠵᠢ ᠬᠢᠪᠡ᠃ ᠲᠡᠷᠡᠴᠢᠯᠡᠨ ᠮᠠᠨᠤ ᠣᠷᠣᠨᠤ ᠠᠮᠢ ᠠᠬᠤᠢ ᠣᠷᠴᠢᠨ ᠲᠣᠭᠣᠷᠢᠨᠤ ᠬᠠᠤᠯᠢ ᠬᠡᠷᠡᠭᠵᠢᠭᠦᠯᠬᠦ ᠠᠵᠢᠯᠤᠨ ᠪᠣᠳᠠᠲᠤ ᠪᠠᠶ᠋ᠢᠳᠠᠯᠲᠠᠢ ᠤᠶᠠᠯᠳᠤᠭᠤᠯᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮᠤᠨ ᠲᠥᠪ ᠬᠣᠷᠢᠶᠠᠨᠤ ᠥᠪᠥᠷ ᠮᠣᠩᠭᠣᠯᠤᠨ ᠠᠮᠢ ᠠᠬᠤᠢ ᠣᠷᠴᠢᠨ ᠲᠣᠭᠣᠷᠢᠨᠤ ᠬᠠᠮᠠᠭ᠋ᠠᠯᠠᠯᠲᠠ ᠵᠢᠨ ᠦᠢ᠍ᠯᠡᠰᠢ ᠳᠡᠭᠡᠳᠦ ᠬᠡᠮᠵᠢᠶᠡᠪᠠᠷ ᠴᠢᠬᠤᠯᠠᠴᠢᠯᠠᠵᠤ ᠪᠠᠶ᠋ᠢᠬᠤ ᠪᠠ ᠭᠦᠨ ᠬᠦᠰᠡᠯ ᠡᠷᠡᠮᠡᠯᠵᠡᠯᠢ ᠲᠣᠳᠣᠷᠬᠠᠢ᠌ᠯᠠᠨ ᠥᠭᠦᠯᠡᠵᠦ᠂ ᠨᠠᠮᠤᠨ ᠭᠡᠰᠢᠭᠦᠨ ᠺᠠᠳ᠋ᠷᠴᠤᠳᠤᠨ ᠴᠤᠭ ᠰᠦᠯᠳᠡ ᠵᠢ ᠴᠢᠨᠠᠭᠰᠢᠳᠠ ᠪᠠᠳᠠᠷᠠᠭᠤᠯᠵᠤ᠂ ᠰᠢᠨᠡ ᠴᠠᠭ ᠦᠶᠡ ᠵᠢᠨ ᠠᠮᠢ ᠠᠬᠤᠢ ᠣᠷᠴᠢᠨ ᠲᠣᠭᠣᠷᠢᠨᠤ ᠬᠠᠤᠯᠢ ᠬᠡᠷᠡᠭᠵᠢᠭᠦᠯᠬᠦ ᠠᠵᠢᠯᠢ ᠰᠠᠶ᠋ᠢᠲᠤᠷ ᠬᠢᠬᠦ ᠢᠲᠡᠭᠡᠯ ᠵᠣᠷᠢᠭᠢ ᠪᠠᠲᠤᠳᠬᠠᠪᠠ᠃
ᠤᠯᠠᠨ ᠵᠶ᠋ᠠᠷ ᠵᠶ᠋ᠠᠨ᠂ ᠤᠬᠠᠭᠤᠯᠤᠨ ᠲᠠᠢ᠌ᠯᠪᠤᠷᠢᠯᠠᠬᠤ ᠮᠡᠳᠡᠭᠦᠯᠦᠯᠲᠡᠨᠢ 《ᠨᠠᠮᠤᠨ ᠠᠴᠢᠳᠤ ᠲᠠᠯᠠᠷᠬᠠᠵᠤ᠂ ᠨᠠᠮᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ ᠲᠥᠷᠥ ᠵᠢᠨ ᠥᠨᠳᠥᠷᠴᠡ ᠪᠠ ᠤᠨᠤᠯᠤᠨ ᠭᠦᠨᠴᠡᠪᠠᠷ ᠪᠠᠶᠠᠯᠢᠭ ᠪᠠᠢ᠌ᠵᠤ᠂ ᠤᠯᠠᠨ ᠵᠶ᠋ᠠᠷ ᠵᠶ᠋ᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮᠤᠨ ᠲᠥᠪ ᠬᠣᠷᠢᠶᠠ ᠵᠢᠨ ᠥᠪᠥᠷ ᠮᠣᠩᠭᠣᠯᠢ ᠬᠠᠯᠠᠮᠵᠢᠯᠠᠵᠤ ᠪᠠᠶ᠋ᠢᠬᠤ ᠭᠦᠨ ᠵᠤᠵᠠᠭ᠋ᠠᠨ ᠬᠠᠶ᠋ᠢᠷᠠ ᠬᠠᠯᠠᠮᠵᠢ ᠪᠠ ᠬᠦᠰᠡᠯ ᠨᠠᠢ᠌ᠳᠠᠯᠭᠠ ᠵᠢ ᠭᠦᠨᠵᠡᠭᠡᠢ ᠣᠢ᠌ᠯᠠᠭ᠋ᠠᠵᠠᠢ ᠭᠡᠵᠦ ᠰᠠᠨᠠᠯ ᠨᠢᠭᠡᠲᠡᠢ ᠦᠵᠡᠪᠡ᠃ ᠲᠠᠷᠠᠭ᠋ᠠᠴᠢ ᠵᠢᠨ ᠠᠯᠬᠤᠮᠳᠤ᠂ ᠪᠥᠬᠥ ᠠᠩᠭᠢ ᠵᠢᠨ ᠨᠠᠮᠤᠨ ᠭᠡᠰᠢᠭᠦᠨ ᠺᠠᠳ᠋ᠷᠴᠤᠳ ᠠᠴᠢ ᠬᠠᠷᠢᠭᠤᠯᠠᠬᠤ ᠰᠡᠳᠬᠢᠯ᠂ ᠡᠷᠡᠯᠬᠡᠭᠯᠡᠨ ᠤᠷᠤᠭᠰᠢᠯᠠᠬᠤ ᠵᠣᠷᠢᠭ ᠵᠶ᠋ᠠᠨ ᠦᠷᠭᠦᠯᠵᠢᠯᠡᠨ ᠨᠢᠭᠲᠠᠷᠠᠭᠤᠯᠵᠤ᠂ ᠮᠣᠩᠭᠣᠯ ᠮᠣᠷᠢᠨᠤ ᠵᠣᠷᠢᠭ ᠰᠠᠨᠠᠭᠠ ᠪᠠ 《ᠤᠮᠠᠷᠠᠲᠤ ᠵᠢᠨ ᠭᠤᠷᠪᠠᠨ ᠣᠷᠣᠨᠤ ᠵᠣᠷᠢᠭ ᠰᠠᠨᠠᠭᠠ》 ᠵᠢ ᠶᠡᠬᠡᠪᠠᠷ ᠪᠠᠳᠠᠷᠠᠭᠤᠯᠤᠨ᠂ ᠡᠭᠦᠷᠭᠡ ᠬᠠᠷᠢᠭᠤᠴᠠᠯᠭᠠᠪᠠᠨ ᠨᠠᠩ ᠰᠠᠶ᠋ᠢᠲᠤᠷ ᠡᠭᠦᠷᠭᠡᠯᠡᠵᠦ᠂ ᠮᠠᠨᠤ ᠤᠯᠤᠰᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨᠤ ᠬᠠᠯᠬᠠᠪᠴᠢ ᠭᠡᠬᠦ ᠡᠨᠡ ᠬᠦ᠌ ᠨᠣᠭᠣᠭ᠋ᠠᠨ ᠱᠤᠭᠤᠮᠢ ᠨᠠᠷᠢᠨ ᠨᠢᠮᠪᠠᠢ ᠬᠠᠢ᠌ᠷᠠᠯᠠᠨ ᠬᠠᠮᠠᠭ᠋ᠠᠯᠠᠵᠤ᠂ ᠬᠠᠤᠯᠢ ᠬᠡᠷᠡᠭᠵᠢᠭᠦᠯᠬᠦ ᠠᠵᠢᠯᠤᠨ ᠳᠤᠮᠳᠠ ᠰᠢᠨᠡ ᠡᠭᠦᠷᠭᠡᠯᠡᠯᠢ ᠢᠯᠡᠷᠡᠭᠦᠯᠵᠦ᠂ ᠰᠢᠨᠡ ᠬᠤᠪᠢ ᠨᠡᠮᠡᠷᠢ ᠦᠵᠡᠭᠦᠯᠦᠨᠡ ᠭᠡᠵᠦ ᠦᠵᠡᠵᠡᠭᠡᠪᠡ!