ᠶᠢᠰᠦᠳᠦᠭᠡᠷ ᠤᠳᠠᠭ᠋ᠠᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠬᠢᠭᠡᠳ ᠨᠠᠭᠦᠷᠡᠰᠦᠲᠦ᠋ᠷᠦᠭᠴᠢ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠭᠦᠨᠵᠡᠭᠡᠢ᠌ᠷᠡᠨ ᠬᠥᠭᠵᠢᠬᠦ ᠵᠢ ᠤᠯᠠᠮ ᠴᠢᠨᠠᠭᠰᠢᠳᠠ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠥᠮᠥᠨ ᠲᠣᠮᠢᠯᠠᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠤᠷᠭ᠋ᠠᠨ᠎ᠠᠴᠠ ᠭᠣᠣᠯᠯᠠᠨ ᠡᠷᠬᠢᠯᠡᠵᠤ᠂ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠳᠤᠮᠳᠠᠳᠤ ᠠᠩᠭ᠍ᠯᠢ ᠵᠢᠨ ᠤᠯᠠᠨ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠳᠡᠭᠡᠳᠦ ᠰᠤᠷᠭ᠋ᠠᠭᠤᠯᠢ ᠵᠢᠨ ᠳᠠᠭ᠋ᠠᠭ᠋ᠠᠨ ᠡᠷᠬᠢᠯᠡᠭᠰᠡᠨ 《ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠪᠣᠯᠣᠨ ᠨᠠᠭᠦᠷᠡᠰᠦᠲᠦ᠋ᠷᠦᠭᠴᠢ ᠵᠢᠨ ᠮᠥᠩᠭᠥᠨ ᠭᠦᠢ᠍ᠯᠭᠡᠭᠡᠨ᠎ᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ》᠎ᠳᠤ ᠣᠷᠣᠯᠴᠠᠭᠤᠯᠪᠠ᠃ ᠲᠣᠰ ᠤᠳᠠᠭ᠋ᠠᠨ᠎ᠤ ᠪᠤᠯᠪᠠᠰᠤᠷᠠᠯ᠎ᠨᠢ ᠭᠣᠣᠯᠳᠠᠭᠤ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠪᠦᠬᠦᠯᠢ ᠴᠣᠭᠴᠠ ᠵᠢᠨ ᠠᠵᠢᠯ᠂ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠬᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠰᠢᠨᠡᠴᠢᠯᠡᠯᠲᠡ ᠪᠠ ᠦᠢ᠍ᠯᠡᠳᠦᠯᠭᠡ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠤᠷᠰᠢᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠪᠣᠷᠣ ᠲᠥᠯᠥᠪ ᠪᠠ ᠵᠠᠭᠪᠤᠷ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠥᠷᠥᠯ ᠵᠦᠢ᠍ᠯ᠎ᠤᠨ ᠬᠥᠮᠥᠷᠭᠡ ᠵᠢᠴᠢ ᠲᠥᠷᠥᠯ ᠵᠦᠢ᠍ᠯ᠎ᠢ ᠰᠢᠯᠢᠨ ᠰᠣᠩᠭᠣᠬᠤ ᠪᠠᠷᠢᠮᠵᠢᠶ᠎ᠠ ᠵᠡᠷᠭᠡ ᠠᠭᠤᠯᠭ᠎ᠠ ᠵᠢᠨ ᠲᠣᠭᠣᠷᠢᠨ᠎ᠳᠤ ᠶᠠᠪᠤᠭᠳᠠᠵᠤ᠂ ᠪᠤᠯᠪᠠᠰᠤᠷᠠᠯ᠎ᠳᠤ ᠣᠷᠣᠯᠴᠠᠭᠰᠠᠳ ᠬᠢᠴᠢᠶᠡᠯ ᠰᠣᠨᠣᠰᠬᠤ᠂ ᠰᠡᠳᠬᠢᠬᠦ᠂ ᠶᠠᠷᠢᠯᠴᠠᠬᠤ᠂ ᠰᠣᠯᠢᠯᠴᠠᠬᠤ᠂ ᠥᠪᠡᠷ ᠵᠶ᠋ᠡᠨ ᠰᠤᠷᠤᠯᠴᠠᠬᠤ ᠵᠡᠷᠭᠡ ᠵᠢ ᠤᠶᠠᠯᠳᠤᠭᠤᠯᠬᠤ᠎ᠪᠠᠷ ᠳᠡᠮᠵᠢᠨ᠂ ᠦᠵᠡᠯ ᠰᠠᠨᠠᠭ᠎ᠠ ᠲᠠᠨᠢᠯᠲᠠ ᠪᠠ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ ᠵᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ᠎ᠤ ᠬᠠᠮᠲᠤ ᠪᠠᠰᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠢᠭᠡᠳ ᠪᠤᠰᠤᠳ ᠮᠤᠵᠢ ᠬᠣᠲᠠ ᠵᠢᠨ ᠬᠣᠭᠤᠷᠤᠨᠳᠤᠬᠢ ᠠᠵᠢᠯ᠎ᠤᠨ ᠰᠣᠯᠢᠯᠴᠠᠭ᠎ᠠ ᠵᠢ ᠠᠬᠢᠭᠤᠯᠤᠭᠰᠠᠨ ᠪᠠᠢ᠌ᠨ᠎ᠠ᠃