ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠰᠠᠭᠤᠷᠢᠨ ᠪᠠᠢ᠌ᠭᠤᠯᠤᠭᠳᠠᠪᠠ
ᠨᠡᠶ᠋ᠢᠲᠡᠯᠡᠭᠰᠡᠨ ᠴᠠᠭ᠄ 2024-01-16

      ᠬᠠᠤᠯᠢᠵᠢᠯ᠎ᠤᠨ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠬᠠᠤᠯᠢᠵᠢᠯ᠎ᠤᠨ ᠣᠢ᠌ᠯᠠᠭ᠋ᠠᠭᠳᠠᠬᠤᠨ᠎ᠢ ᠤᠯᠠᠮᠵᠢᠯᠠᠬᠤ ᠵᠢᠨ ᠲᠥᠯᠥᠭᠡ᠂ ᠨᠢᠳᠤᠨᠤᠨ᠎ᠤ 12 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠫᠠᠢ᠌ᠰᠠ ᠡᠯᠭᠦᠨ ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠢ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ ᠳ᠋ᠧ᠂ ᠬᠠᠤᠯᠢ ᠴᠠᠭ᠋ᠠᠵᠠ ᠳᠦᠷᠢᠮ ᠲᠣᠭᠲᠠᠭ᠋ᠠᠯ ᠪᠠ ᠪᠠᠷᠢᠮᠵᠢᠶ᠎ᠠ ᠵᠢᠨ ᠭᠠᠵᠠᠷ᠎ᠤᠨ ᠳᠠᠷᠤᠭ᠎ᠠ ᠭᠥᠸᠧ ᠫᠢᠩ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠶᠡᠷᠦᠩᠬᠡᠢ ᠠᠩᠭᠢ ᠵᠢᠨ ᠳᠠᠷᠤᠭ᠎ᠠ ᠴᠧᠨ ᠵᠢᠶᠦ᠋ᠨ ᠫᠠᠢ᠌ᠰᠠ ᠰᠡᠬᠦᠬᠦ ᠶᠣᠰᠣᠯᠠᠯ᠎ᠳᠤ ᠣᠷᠣᠯᠴᠠᠪᠠ᠃

      ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠰᠠᠭᠤᠷᠢᠨ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠳᠤᠯᠭ᠎ᠠ ᠪᠣᠯᠭ᠋ᠠᠵᠤ᠂ ᠦᠨᠳᠦᠰᠦᠨ ᠬᠠᠤᠯᠢ᠎ᠪᠠᠷ ᠭᠣᠣᠯ ᠪᠣᠯᠭ᠋ᠠᠭᠰᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠢ ᠶᠡᠬᠡᠪᠡᠷ ᠤᠬᠠᠭᠤᠯᠵᠤ᠂ 《ᠦᠵᠡᠯ ᠰᠠᠨᠠᠭ᠎ᠠ᠎ᠪᠠᠷ ᠬᠥᠲᠥᠯᠥᠨ ᠳᠠᠭ᠋ᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠪᠠᠢ᠌ᠩᠭᠤ ᠬᠡᠷᠡᠭᠯᠡᠬᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠡᠷᠡᠭ ᠵᠶ᠋ᠡᠷ ᠬᠠᠤᠯᠢ ᠵᠢ ᠲᠠᠢ᠌ᠯᠪᠤᠷᠢᠯᠠᠬᠤ》 ᠳᠥᠷᠪᠡᠨ ᠬᠡᠰᠡᠭ ᠵᠶ᠋ᠡᠷ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠪᠠᠷ ᠵᠠᠰᠠᠬᠤ ᠮᠡᠳᠡᠯᠭᠡ ᠵᠢᠨ ᠤᠬᠠᠭᠤᠯᠭ᠎ᠠ ᠵᠢᠨ ᠰᠠᠮᠪᠠᠷ᠎ᠠ ᠵᠢ ᠪᠠᠢ᠌ᠷᠢᠯᠠᠭᠤᠯᠵᠤ᠂ ᠡᠭᠦᠨ᠎ᠤ ᠬᠠᠮᠲᠤ ᠡᠯᠪᠡᠭ ᠪᠠᠶᠠᠯᠢᠭ ᠠᠭᠤᠯᠭ᠎ᠠ᠎ᠲᠠᠢ ᠨᠣᠮ ᠪᠢᠴᠢᠭ᠎ᠤᠨ ᠪᠤᠯᠤᠩ ᠭᠠᠷᠭ᠋ᠠᠵᠤ᠂ LED ᠬᠠᠤᠯᠢᠵᠢᠯ᠎ᠤᠨ ᠤᠬᠠᠭᠤᠯᠭ᠎ᠠ ᠵᠢᠨ ᠳᠡᠯᠭᠡᠴᠡ ᠵᠢ ᠲᠣᠬᠢᠷᠠᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢᠴᠢ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ》 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠭᠣᠣᠯᠳᠠᠯᠭ᠎ᠠ᠎ᠲᠠᠢ ᠤᠬᠠᠭᠤᠯᠵᠤ᠂ ᠬᠠᠤᠯᠢᠵᠢᠯ᠎ᠤᠨ ᠤᠬᠠᠭᠤᠯᠭ᠎ᠠ ᠵᠢᠨ ᠸᠢᠳᠢᠤ᠋᠂ ᠺᠠᠷᠲ᠋ᠣᠨ ᠵᠢᠷᠤᠭ ᠵᠡᠷᠭᠡ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠨᠠᠢ᠌ᠳᠠ ᠵᠢᠨ ᠠᠰᠠᠷᠠᠮᠵᠢ ᠵᠢᠨ ᠪᠦᠲᠦᠭᠡᠯ᠎ᠢ ᠲᠣᠭᠲᠠᠭᠰᠠᠨ ᠴᠠᠭ᠎ᠲᠤ ᠨᠡᠪᠲᠡᠷᠡᠭᠦᠯᠦᠨ᠎ᠡ᠃

      ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠤᠯᠢᠵᠢᠯ ᠰᠣᠶᠣᠯ ᠰᠤᠷᠭ᠋ᠠᠨ ᠬᠥᠮᠦᠵᠢᠯ᠎ᠤᠨ ᠵᠢᠭᠰᠠᠭ᠋ᠠᠯ᠎ᠤᠨ ᠭᠠᠵᠠᠷ᠎ᠤᠨ ᠪᠥᠬᠥ ᠲᠠᠯ᠎ᠠ᠎ᠪᠠᠷ ᠬᠠᠤᠯᠢᠵᠢᠯ ᠵᠶ᠋ᠠᠷ ᠣᠷᠣᠨ ᠵᠶ᠋ᠠᠨ ᠵᠠᠰᠠᠬᠤ ᠶᠠᠪᠤᠴᠠ᠎ᠳᠠᠬᠢ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢ ᠲᠦᠭᠡᠮᠡᠯᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠵᠢ ᠪᠦᠲᠦᠮᠵᠢᠲᠡᠢ ᠠᠬᠢᠭᠤᠯᠵᠤ᠂ ᠠᠮᠢ ᠠᠬᠤᠢ ᠵᠢᠨ ᠪᠣᠯᠪᠠᠰᠤᠨ ᠬᠢᠭᠡᠳ ᠬᠠᠤᠯᠢ᠎ᠪᠠᠷ ᠵᠠᠰᠠᠬᠤ ᠪᠣᠯᠪᠠᠰᠤᠨ᠎ᠤ ᠣᠷᠭ᠋ᠠᠨᠢᠭ ᠤᠶᠠᠯᠳᠤᠯ᠎ᠢ ᠠᠬᠢᠭᠤᠯᠤᠨ᠂ ᠬᠠᠤᠯᠢ᠎ᠪᠠᠷ ᠵᠠᠰᠠᠬᠤ ᠬᠦᠴᠦᠨ ᠵᠶ᠋ᠡᠷ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠨᠡᠮᠡᠷᠢᠯᠡᠨ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠲᠣᠭᠣᠷᠢᠨ᠎ᠳᠤ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠣᠪᠠ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠴᠢᠬᠡᠴᠢ ᠵᠠᠰᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ 《ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠴᠡᠯᠮᠡᠭ ᠲᠡᠭᠷᠢ》 ᠵᠢ ᠬᠦᠴᠦᠯᠡᠨ ᠬᠠᠮᠠᠭ᠋ᠠᠯᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠮᠰᠠᠷᠠᠵᠤ ᠨᠠᠮᠴᠢ ᠴᠢᠨᠠᠷ᠎ᠢ ᠴᠢᠩᠭ᠋ᠠᠳᠬᠠᠨ ᠵᠣᠷᠢᠭᠲᠠᠢ᠎ᠪᠠᠷ ᠡᠭᠦᠷᠭᠡᠯᠡᠵᠦ ᠬᠦᠨᠳᠦ ᠡᠭᠦᠷᠭᠡ ᠵᠢ ᠡᠭᠦᠷᠭᠡᠯᠡᠨ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠂ ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠬᠠᠮᠲᠤᠷᠠᠨ 《ᠯᠧᠢ ᠹᠧᠩ᠎ᠠᠴᠠ ᠰᠤᠷᠤᠯᠴᠠᠵᠤ ᠰᠢᠨ᠎ᠡ ᠰᠤᠷᠲᠠᠯ᠎ᠢ ᠪᠤᠢ ᠪᠣᠯᠭ᠋ᠠᠵᠤ ᠨᠡᠢ᠌ᠭᠡᠮ ᠲᠣᠭᠣᠷᠢᠭ᠎ᠢ ᠬᠠᠯᠠᠮᠵᠢᠯᠠᠬᠤ》 ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢᠴᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
             蒙ICP备05000248号