ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠲᠣᠭᠣᠷᠢᠨ᠎ᠳᠤ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠣᠪᠠ
ᠨᠡᠶ᠋ᠢᠲᠡᠯᠡᠭᠰᠡᠨ ᠴᠠᠭ᠄ 2024-01-18

      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠢ ᠯᠠᠪᠳᠠᠭᠤᠨ ᠵᠶ᠋ᠠᠷ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ᠎ᠤᠨ ᠪᠣᠯᠪᠠᠰᠤᠷᠠᠯ ᠪᠣᠯᠣᠨ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠢ᠌ᠯᠡᠬᠦ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ 1 ᠰᠠᠷ᠎ᠠ ᠵᠢᠨ 8᠎ᠤ ᠡᠳᠦᠷ᠎ᠤᠨ ᠦᠳᠡ ᠵᠢᠨ ᠡᠮᠦᠨ᠎ᠡ᠂ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ᠂ ᠳᠡᠳ᠋ ᠶᠡᠷᠦᠩᠬᠡᠢ ᠠᠩᠭᠢ ᠵᠢᠨ ᠳᠠᠷᠤᠭ᠎ᠠ ᠸᠧᠢ ᠶᠠᠨ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠎ᠤᠨ ᠲᠣᠭᠣᠷᠢᠨ᠎ᠳᠤ ᠪᠦᠬᠦ ᠠᠩᠭᠢ ᠵᠢᠨ ᠨᠠᠮ᠎ᠤᠨ ᠭᠡᠰᠢᠭᠦᠨ ᠺᠠᠳ᠋ᠷᠴᠤᠳ᠎ᠲᠤ ᠲᠤᠰᠬᠠᠢ ᠰᠡᠳᠦᠪᠲᠦ ᠨᠠᠮ᠎ᠤᠨ ᠬᠢᠴᠢᠶᠡᠯ ᠵᠢᠭ᠋ᠠᠭᠰᠠᠨ ᠪᠠᠢ᠌ᠨ᠎ᠠ᠃

      ᠨᠠᠮ᠎ᠤᠨ ᠬᠢᠴᠢᠶᠡᠯ᠎ᠨᠢ 《ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠨ᠎ᠠ — ᠰᠢᠨ᠎ᠡ᠎ᠪᠠᠷ ᠵᠠᠰᠠᠪᠤᠷᠢ ᠣᠷᠣᠭᠤᠯᠤᠭᠰᠠᠨ 〈ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠳᠬᠡᠯ ᠥᠭᠬᠦ ᠳᠦᠷᠢᠮ〉᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ》 ᠭᠡᠬᠦ ᠰᠡᠳᠦᠪ ᠵᠶ᠋ᠡᠷ 《ᠳᠦᠷᠢᠮ》 ᠎ᠳᠤ ᠵᠠᠰᠠᠪᠤᠷᠢ ᠣᠷᠣᠭᠤᠯᠤᠭᠰᠠᠨ᠎ᠤ ᠴᠢᠬᠤᠯᠠ ᠠᠴᠢ ᠬᠣᠯᠪᠣᠭᠳᠠᠯ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠭᠣᠣᠯ ᠬᠤᠪᠢᠷᠠᠯᠲᠠ ᠪᠣᠯᠣᠨ ᠲᠤᠭᠤᠰᠢᠯᠠᠭᠤᠯᠤᠨ ᠬᠡᠷᠡᠭᠵᠢᠭᠦᠯᠬᠦ ᠵᠢ ᠬᠡᠷᠬᠢᠨ ᠰᠠᠶ᠋ᠢᠲᠤᠷ ᠠᠳᠬᠤᠬᠤ ᠵᠡᠷᠭᠡ ᠭᠤᠷᠪᠠᠨ ᠲᠠᠯ᠎ᠠ᠎ᠠᠴᠠ ᠰᠢᠰᠲ᠋ᠧᠮ᠎ᠲᠠᠢ ᠲᠠᠢ᠌ᠯᠤᠮᠵᠢ ᠬᠢᠬᠦ ᠵᠢᠨ ᠬᠠᠮᠲᠤ ᠪᠦᠬᠦ ᠠᠩᠭᠢ ᠵᠢᠨ ᠨᠠᠮ᠎ᠤᠨ ᠭᠡᠰᠢᠭᠦᠨ ᠺᠠᠳ᠋ᠷᠴᠤᠳ᠎ᠲᠤ ᠠᠵᠢᠯ᠎ᠤᠨ ᠱᠠᠭ᠋ᠠᠷᠳᠠᠯᠭ᠎ᠠ ᠳᠤᠷᠠᠳᠴᠠᠢ᠃

      ᠤᠯᠠᠨ ᠵᠶ᠋ᠠᠷ ᠵᠶ᠋ᠠᠨ᠄ 《ᠳᠦᠷᠢᠮ》᠎ᠢ ᠰᠤᠷᠤᠯᠴᠠᠨ ᠲᠤᠭᠤᠰᠢᠯᠠᠭᠤᠯᠬᠤ ᠶᠠᠪᠤᠳᠠᠯ᠎ᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ 《ᠳᠦᠷᠢᠮ》᠎ᠤᠨ ᠴᠢᠬᠤᠯᠠ ᠠᠭᠤᠯᠭ᠎ᠠ ᠪᠣᠯᠣᠨ ᠬᠦᠴᠦᠯᠡᠬᠦ ᠴᠢᠭᠯᠡᠯ᠎ᠢ ᠪᠦᠬᠦ ᠲᠠᠯ᠎ᠠ᠎ᠪᠠᠷ ᠭᠦᠨᠵᠡᠭᠡᠢ ᠣᠢ᠌ᠯᠠᠭ᠋ᠠᠵᠤ᠂ ᠥᠪᠡᠷ᠎ᠢ᠎ᠪᠠᠨ ᠬᠢᠵᠠᠭ᠋ᠠᠷᠯᠠᠬᠤ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠥᠪᠡᠷ᠎ᠢ᠎ᠪᠠᠨ ᠦᠨᠡᠨᠬᠦ ᠣᠷᠣᠭᠤᠯᠵᠤ᠂ ᠠᠵᠢᠯ ᠵᠶ᠋ᠠᠨ ᠦᠨᠡᠨᠬᠦ ᠬᠢᠵᠦ᠂ ᠡᠭᠦᠷᠭᠡ ᠬᠠᠷᠢᠭᠤᠴᠠᠯᠭ᠎ᠠ᠎ᠪᠠᠨ ᠰᠠᠶ᠋ᠢᠲᠤᠷ ᠬᠡᠷᠡᠭᠵᠢᠭᠦᠯᠵᠦ᠂ ᠠᠷᠤ᠎ᠳᠠᠬᠢ 《ᠰᠠᠬᠢᠯᠭ᠎ᠠ ᠪᠠᠲᠤ ᠵᠢᠨ ᠵᠣᠷᠢᠭ ᠰᠠᠨᠠᠭ᠎ᠠ》 ᠵᠢ ᠣᠨᠣᠪᠴᠢᠲᠠᠢ ᠣᠢ᠌ᠯᠠᠭ᠋ᠠᠵᠤ᠂ 《ᠳᠦᠷᠢᠮ》᠎ᠢ ᠴᠢᠩᠭ᠎ᠠ ᠬᠡᠷᠡᠭᠵᠢᠭᠦᠯᠬᠦ᠎ᠪᠠᠷ ᠳᠠᠮᠵᠢᠭᠤᠯᠵᠤ᠂ ᠰᠢᠨ᠎ᠡ ᠠᠶᠠᠨ ᠵᠠᠮ᠎ᠳᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠨ᠎ᠠ ᠭᠡᠵᠦ ᠢᠯᠡᠳᠬᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠴᠢᠬᠡᠴᠢ ᠵᠠᠰᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ 《ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠴᠡᠯᠮᠡᠭ ᠲᠡᠭᠷᠢ》 ᠵᠢ ᠬᠦᠴᠦᠯᠡᠨ ᠬᠠᠮᠠᠭ᠋ᠠᠯᠠᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠮᠰᠠᠷᠠᠵᠤ ᠨᠠᠮᠴᠢ ᠴᠢᠨᠠᠷ᠎ᠢ ᠴᠢᠩᠭ᠋ᠠᠳᠬᠠᠨ ᠵᠣᠷᠢᠭᠲᠠᠢ᠎ᠪᠠᠷ ᠡᠭᠦᠷᠭᠡᠯᠡᠵᠦ ᠬᠦᠨᠳᠦ ᠡᠭᠦᠷᠭᠡ ᠵᠢ ᠡᠭᠦᠷᠭᠡᠯᠡᠨ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠂ ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠬᠠᠮᠲᠤᠷᠠᠨ 《ᠯᠧᠢ ᠹᠧᠩ᠎ᠠᠴᠠ ᠰᠤᠷᠤᠯᠴᠠᠵᠤ ᠰᠢᠨ᠎ᠡ ᠰᠤᠷᠲᠠᠯ᠎ᠢ ᠪᠤᠢ ᠪᠣᠯᠭ᠋ᠠᠵᠤ ᠨᠡᠢ᠌ᠭᠡᠮ ᠲᠣᠭᠣᠷᠢᠭ᠎ᠢ ᠬᠠᠯᠠᠮᠵᠢᠯᠠᠬᠤ》 ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢᠴᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠠᠷᠢᠭᠤᠨ ᠴᠢᠬᠡᠴᠢ᠎ᠪᠠᠷ ᠵᠠᠰᠠᠭ ᠪᠠᠷᠢᠬᠤ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠲᠦᠩᠯᠢᠶᠣᠣ ᠵᠢᠨ ᠭᠢᠨᠳᠠᠨ᠎ᠳᠤ ᠬᠦᠷᠴᠦ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
             蒙ICP备05000248号