2 ᠰᠠᠷ᠎ᠠ ᠵᠢᠨ 2᠎ᠤᠨ ᠡᠳᠦᠷ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠠᠷᠢᠭᠤᠨ ᠴᠢᠬᠡᠴᠢ᠎ᠪᠠᠷ ᠵᠠᠰᠠᠭ ᠪᠠᠷᠢᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃ ᠪᠥᠬᠥ ᠨᠠᠮ᠎ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠬᠠᠮᠲᠤ᠎ᠪᠠᠷ ᠦᠵᠡᠵᠦ᠂ ᠲᠢᠩᠬᠢᠮ ᠪᠠᠢ᠌ᠭᠤᠯᠤᠯᠭ᠎ᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ 《2024 ᠣᠨ᠎ᠤ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠬᠤ ᠠᠵᠢᠯ᠎ᠢ ᠰᠠᠶ᠋ᠢᠲᠤᠷ ᠬᠢᠬᠦ ᠲᠤᠬᠠᠢ ᠮᠡᠳᠡᠭᠳᠡᠯ》᠎ᠢ ᠤᠯᠠᠮᠵᠢᠯᠠᠨ ᠰᠤᠷᠤᠯᠴᠠᠭᠰᠠᠨ ᠪᠥᠭᠡᠳ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠦᠢ᠍ᠯᠡ ᠠᠵᠢᠯᠯᠠᠭ᠋ᠠᠨ᠎ᠤ ᠵᠢᠷᠤᠮᠵᠢᠯ》᠎ᠢ ᠬᠠᠮᠲᠤ᠎ᠪᠠᠷ ᠰᠤᠷᠤᠯᠴᠠᠭᠰᠠᠨ ᠪᠠᠢ᠌ᠨ᠎ᠠ᠃
ᠬᠤᠷᠠᠯ᠎ᠠᠴᠠ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ ᠤᠷᠳᠤ ᠬᠤᠭᠤᠴᠠᠭ᠋ᠠᠨ᠎ᠤ ᠲᠡᠮᠦᠷ ᠮᠡᠲᠦ ᠬᠠᠲᠠᠭᠤ ᠳᠦᠷᠢᠮ ᠲᠣᠭᠲᠠᠭ᠋ᠠᠯ ᠪᠣᠯᠭ᠋ᠠᠵᠤ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠣᠢ᠌ᠷᠠᠳᠴᠤ ᠢᠷᠡᠬᠦ᠎ᠳᠤ 《ᠠᠷᠢᠭᠤᠨ ᠴᠢᠬᠡᠴᠢ ᠵᠢᠨ ᠪᠣᠭᠣᠮᠲᠠ》 ᠵᠢ ᠨᠡᠩ ᠰᠠᠶ᠋ᠢᠲᠤᠷ ᠰᠠᠬᠢᠵᠤ᠂ 《ᠠᠷᠢᠭᠤᠨ ᠴᠢᠬᠡᠴᠢ ᠵᠢᠨ ᠬᠥᠪᠴᠢ》 ᠵᠢ ᠴᠢᠩᠭ᠋ᠠᠯᠠᠵᠤ᠂ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠥᠪᠡᠷ᠎ᠢ᠎ᠪᠠᠨ ᠬᠢᠵᠠᠭ᠋ᠠᠷᠯᠠᠬᠤ ᠵᠢ ᠴᠢᠩᠭ᠋ᠠᠳᠬᠠᠬᠤ ᠬᠡᠷᠡᠭᠲᠡᠢ᠃
ᠤᠯᠠᠨ ᠵᠶ᠋ᠠᠷ ᠵᠶ᠋ᠠᠨ᠂ ᠢᠮᠠᠭᠲᠠ ᠰᠠᠬᠢᠯᠭ᠎ᠠ ᠪᠠᠲᠤ ᠵᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠠᠷᠢᠭᠤᠨ ᠴᠢᠬᠡᠴᠢ ᠰᠤᠷᠲᠠᠯ᠎ᠢ ᠪᠠᠷᠢᠮᠲᠠᠯᠠᠵᠤ᠂ ᠤᠯᠤᠰ ᠲᠥᠷᠥ ᠵᠢᠨ ᠲᠠᠯ᠎ᠠ ᠵᠢᠨ ᠮᠡᠷᠭᠡᠨ ᠬᠥᠮᠥᠨ ᠪᠣᠯᠵᠤ᠂ ᠬᠠᠤᠯᠢ ᠰᠠᠬᠢᠯᠭ᠎ᠠ ᠵᠢ ᠮᠡᠳᠡᠬᠦ᠂ ᠶᠣᠰᠣ ᠳᠦᠷᠢᠮ᠎ᠢ ᠮᠡᠳᠡᠬᠦ᠂ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠨ ᠡᠮᠢᠶᠡᠬᠦ᠂ ᠬᠣᠷᠢᠭ᠎ᠠ ᠱᠤᠭᠤᠮ᠎ᠢ ᠰᠠᠬᠢᠬᠤ ᠵᠢ ᠪᠡᠶᠡᠯᠡᠭᠦᠯᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ ᠪᠣᠳᠠᠲᠠᠢ ᠬᠢᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃