ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ 《ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠴᠡᠯᠮᠡᠭ ᠲᠡᠭᠷᠢ》 ᠵᠢ ᠬᠦᠴᠦᠯᠡᠨ ᠬᠠᠮᠠᠭ᠋ᠠᠯᠠᠪᠠ
ᠨᠡᠶ᠋ᠢᠲᠡᠯᠡᠭᠰᠡᠨ ᠴᠠᠭ᠄ 2024-03-15

      ᠰᠢᠨ᠎ᠡ ᠵᠢᠯ ᠴᠠᠭ᠋ᠠᠨ ᠰᠠᠷ᠎ᠠ ᠭᠡᠭᠴᠢ ᠭᠡᠷ ᠬᠣᠲᠠᠯᠠᠭ᠋ᠠᠷ ᠵᠶ᠋ᠠᠷ ᠵᠶ᠋ᠡᠨ ᠴᠤᠭᠯᠠᠷᠠᠵᠤ᠂ ᠥᠩᠭᠡᠲᠦ ᠳ᠋ᠧᠩ ᠳᠤᠸᠠᠯᠠᠨ ᠬᠡᠷᠡᠯᠳᠦᠬᠦ ᠮᠥᠴᠡ᠎ᠳᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠠᠵᠢᠯᠲᠠᠳ ᠬᠠᠷᠢᠨ ᠡᠩ᠎ᠤᠨ ᠦᠶ᠎ᠡ ᠵᠢᠨ᠎ᠬᠢ᠎ᠠᠴᠠ ᠨᠠᠩ ᠶᠠᠭ᠋ᠠᠷᠠᠯᠲᠠᠢ ᠪᠠᠢ᠌ᠯ᠎ᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠪᠠᠲᠤᠯᠠᠵᠤ᠂ 《ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠴᠡᠯᠮᠡᠭ ᠲᠡᠭᠷᠢ》 ᠵᠢ ᠰᠠᠬᠢᠨ ᠬᠠᠮᠠᠭ᠋ᠠᠯᠠᠬᠤ ᠵᠢᠨ ᠲᠥᠯᠥᠭᠡ᠂ ᠴᠠᠭ᠋ᠠᠨ ᠰᠠᠷ᠎ᠠ ᠵᠢᠨ ᠰᠢᠨ᠎ᠡ ᠵᠢᠨ ᠭᠤᠷᠪᠠᠨ᠎ᠠᠴᠠ ᠨᠠᠭ᠋ᠠᠰᠢ᠂ ᠲᠡᠳᠡ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ᠂ ᠬᠥᠯᠥᠨ ᠪᠣᠢ᠌ᠷ ᠬᠤᠳᠠ ᠵᠢᠨ ᠠᠵᠤ ᠠᠬᠤᠢ᠌ᠯᠠᠯ᠎ᠳᠤ ᠭᠦᠨᠵᠡᠭᠡᠢ᠌ᠷᠡᠨ ᠨᠠᠷᠢᠨ ᠨᠢᠮᠪᠠᠢ ᠪᠠᠢ᠌ᠴᠠᠭ᠋ᠠᠯᠲᠠ ᠬᠢᠵᠦ᠂ ᠤᠷᠤᠯᠳᠤᠭ᠋ᠠᠨ᠎ᠤ ᠲᠣᠭᠣᠷᠢᠭ᠎ᠤᠨ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠪᠦᠬᠦ ᠬᠦᠴᠦᠨ ᠵᠶ᠋ᠡᠷ ᠵᠶ᠋ᠡᠨ ᠪᠠᠲᠤᠯᠠᠪᠠ᠃

      2024 ᠣᠨ᠎ᠤ 2 ᠰᠠᠷ᠎ᠠ ᠵᠢᠨ 12᠎ᠠᠴᠠ 27᠎ᠤ ᠡᠳᠦᠷ ᠪᠣᠯᠲᠠᠯ᠎ᠠ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠬᠠᠤᠯᠢ ᠬᠡᠷᠡᠭᠵᠢᠭᠦᠯᠬᠦ ᠠᠵᠢᠯᠲᠠᠳ ᠠᠮᠠᠷᠠᠯᠲᠠ ᠵᠢᠨ ᠬᠤᠭᠤᠴᠠᠭ᠎ᠠ᠎ᠪᠠᠨ ᠲᠠᠶᠠᠭᠳᠠᠵᠤ ᠠᠵᠢᠯ᠎ᠤᠨ ᠪᠠᠶ᠋ᠢᠷᠢ᠎ᠪᠠᠨ ᠪᠠᠢ᠌ᠩᠭᠤ ᠰᠠᠬᠢᠵᠤ᠂ ᠬᠠᠤᠯᠢ ᠬᠡᠷᠡᠭᠵᠢᠭᠦᠯᠬᠦ ᠠᠵᠢᠯᠲᠠᠨ᠎ᠢ ᠨᠠᠢ᠌ᠳᠠ 80 ᠭᠠᠷᠤᠢ ᠬᠥᠮᠥᠨ ᠤᠳᠠᠭ᠎ᠠ ᠬᠥᠳᠡᠯᠭᠡᠵᠦ᠂ ᠰᠦᠯᠵᠢᠶᠡᠨ ᠳᠡᠭᠡᠷᠡᠬᠢ ᠬᠢᠨᠠᠨ ᠡᠵᠡᠮᠰᠢᠯ᠂ ᠥᠨᠳᠥᠷ ᠲᠣᠳᠣ ᠸᠢᠳᠢᠤ᠋ ᠬᠢᠨᠠᠨ ᠡᠵᠡᠮᠰᠢᠯ ᠵᠡᠷᠭᠡ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠬᠠᠢ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠵᠤ᠂ ᠬᠥᠯᠥᠨ ᠪᠣᠢ᠌ᠷ ᠬᠣᠲᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠢᠯᠴᠢ ᠵᠢᠨ ᠴᠠᠬᠢᠯᠭ᠋ᠠᠨ᠂ ᠨᠡᠭᠦᠷᠡᠰᠦᠨ᠎ᠤ ᠦᠢ᠍ᠯᠡᠳᠪᠦᠷᠢᠯᠡᠯ ᠵᠡᠷᠭᠡ ᠭᠣᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠪᠣᠬᠢᠷᠲᠤᠯ ᠪᠣᠳᠠᠰ᠎ᠢ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠢ᠌ᠳᠠᠯ ᠵᠢᠴᠢ ᠠᠶᠤᠯᠲᠠᠢ ᠬᠠᠶᠠᠭᠳᠠᠮᠠᠯ ᠪᠣᠳᠠᠰ᠎ᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠭᠰᠡᠨ ᠪᠠᠶ᠋ᠢᠳᠠᠯ ᠵᠡᠷᠭᠡ ᠵᠢ ᠵᠢᠭᠰᠠᠭ᠋ᠠᠨ ᠪᠠᠢ᠌ᠴᠠᠭ᠋ᠠᠵᠤ᠂ ᠴᠢᠩᠭ᠎ᠠ᠎ᠠᠴᠠ ᠴᠢᠩᠭ᠎ᠠ᠂ ᠪᠣᠳᠠᠲᠠᠢ᠎ᠠᠴᠠ ᠪᠣᠳᠠᠲᠠᠢ ᠪᠠᠢ᠌ᠵᠤ᠂ ᠠᠵᠤ ᠠᠬᠤᠢ᠌ᠯᠠᠯ᠎ᠤᠨ ᠵᠠᠩᠭᠢᠯᠠᠭ᠎ᠠ ᠵᠢᠨ ᠭᠣᠭᠴᠣᠭ᠎ᠠ ᠨᠢᠭᠡᠪᠦᠷᠢ ᠵᠢ ᠴᠢᠩᠭ᠎ᠠ ᠠᠩᠬᠠᠷᠴᠤ᠂ ᠪᠠᠢ᠌ᠴᠠᠭ᠋ᠠᠯᠲᠠ ᠵᠢᠨ ᠳᠤᠮᠳᠠ ᠢᠯᠡᠷᠡᠭᠦᠯᠦᠭᠰᠡᠨ ᠣᠷᠴᠢᠨ ᠲᠣᠭᠣᠷᠢᠨ᠎ᠤ ᠠᠰᠠᠭᠤᠳᠠᠯ᠎ᠢ ᠲᠡᠷᠡ ᠳᠠᠷᠤᠢ᠎ᠳᠤᠨᠢ ᠣᠷᠣᠨ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠬᠠᠷᠢᠭᠤ ᠥᠭᠴᠦ ᠰᠢᠢ᠍ᠳᠪᠦᠷᠢᠯᠡᠭᠦᠯᠬᠦ ᠵᠢᠨ ᠬᠠᠮᠲᠤ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠵᠤ᠂ ᠤᠷᠤᠯᠳᠤᠭ᠋ᠠᠨ᠎ᠤ ᠲᠣᠭᠣᠷᠢᠭ᠎ᠤᠨ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠬᠦᠴᠦᠲᠡᠢ ᠪᠠᠲᠤᠯᠠᠪᠠ᠃

      ᠣᠳᠣᠬᠠᠨ᠎ᠳᠤ᠂ ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠨᠢᠭᠡᠨᠲᠡ ᠳᠠᠭᠤᠰᠤᠭᠰᠠᠨ ᠪᠣᠯᠪᠠᠴᠤ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠦᠷᠭᠦᠯᠵᠢᠯᠡᠨ ᠡᠨᠡ ᠬᠦ᠌ ᠬᠤᠭᠤᠴᠠᠭ᠋ᠠᠨ᠎ᠳᠠᠬᠢ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠵᠢᠭᠰᠠᠭ᠋ᠠᠨ ᠪᠠᠢ᠌ᠴᠠᠭ᠋ᠠᠬᠤ ᠠᠵᠢᠯ ᠵᠶ᠋ᠠᠷ ᠰᠠᠭᠤᠷᠢ ᠪᠣᠯᠭ᠋ᠠᠵᠤ᠂ ᠦᠷᠭᠦᠯᠵᠢᠯᠡᠨ ᠬᠦᠴᠦᠯᠡᠵᠦ᠂ 《ᠡᠪᠦᠯ᠎ᠤᠨ ᠤᠯᠠᠷᠢᠯ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠴᠡᠯᠮᠡᠭ ᠲᠡᠭᠷᠢ》 ᠵᠢ ᠬᠠᠷᠢᠶᠠᠲᠤ ᠣᠷᠣᠨ᠎ᠳᠤ ᠪᠠᠢ᠌ᠩᠭᠤ ᠪᠠᠢ᠌ᠯᠭ᠋ᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠮᠰᠠᠷᠠᠵᠤ ᠨᠠᠮᠴᠢ ᠴᠢᠨᠠᠷ᠎ᠢ ᠴᠢᠩᠭ᠋ᠠᠳᠬᠠᠨ ᠵᠣᠷᠢᠭᠲᠠᠢ᠎ᠪᠠᠷ ᠡᠭᠦᠷᠭᠡᠯᠡᠵᠦ ᠬᠦᠨᠳᠦ ᠡᠭᠦᠷᠭᠡ ᠵᠢ ᠡᠭᠦᠷᠭᠡᠯᠡᠨ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠂ ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠬᠠᠮᠲᠤᠷᠠᠨ 《ᠯᠧᠢ ᠹᠧᠩ᠎ᠠᠴᠠ ᠰᠤᠷᠤᠯᠴᠠᠵᠤ ᠰᠢᠨ᠎ᠡ ᠰᠤᠷᠲᠠᠯ᠎ᠢ ᠪᠤᠢ ᠪᠣᠯᠭ᠋ᠠᠵᠤ ᠨᠡᠢ᠌ᠭᠡᠮ ᠲᠣᠭᠣᠷᠢᠭ᠎ᠢ ᠬᠠᠯᠠᠮᠵᠢᠯᠠᠬᠤ》 ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢᠴᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠠᠷᠢᠭᠤᠨ ᠴᠢᠬᠡᠴᠢ᠎ᠪᠠᠷ ᠵᠠᠰᠠᠭ ᠪᠠᠷᠢᠬᠤ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠲᠦᠩᠯᠢᠶᠣᠣ ᠵᠢᠨ ᠭᠢᠨᠳᠠᠨ᠎ᠳᠤ ᠬᠦᠷᠴᠦ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠭᠡᠰᠢᠭᠦᠨ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠰᠢᠶᠠᠮᠧᠨ ᠶᠡᠬᠡ ᠰᠤᠷᠭ᠋ᠠᠭᠤᠯᠢ᠎ᠳᠤ ᠠᠮᠵᠢᠯᠲᠠ᠎ᠲᠠᠢ ᠲᠡᠭᠦᠰᠴᠡᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠲᠥᠪᠯᠡᠷᠡᠭᠦᠯᠦᠨ ᠰᠤᠳᠤᠯᠤᠨ ᠶᠠᠷᠢᠯᠴᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
 
             蒙ICP备05000248号