ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠮᠰᠠᠷᠠᠵᠤ ᠨᠠᠮᠴᠢ ᠴᠢᠨᠠᠷ᠎ᠢ ᠴᠢᠩᠭ᠋ᠠᠳᠬᠠᠨ ᠵᠣᠷᠢᠭᠲᠠᠢ᠎ᠪᠠᠷ ᠡᠭᠦᠷᠭᠡᠯᠡᠵᠦ ᠬᠦᠨᠳᠦ ᠡᠭᠦᠷᠭᠡ ᠵᠢ ᠡᠭᠦᠷᠭᠡᠯᠡᠨ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-03-18

      《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠡᠷᠡᠰ ᠭᠤᠢ᠌ᠪᠢᠰᠢ ᠦᠭᠡᠢ᠎ᠪᠠᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ ᠶᠠᠪᠤᠬᠤ ᠵᠢᠨ ᠲᠥᠯᠥᠭᠡ᠂ 2 ᠰᠠᠷ᠎ᠠ ᠵᠢᠨ 26᠎ᠤ ᠡᠳᠦᠷ᠂ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠰᠤᠷᠤᠯᠴᠠᠨ ᠰᠡᠳᠬᠢᠵᠦ ᠦᠢ᠍ᠯᠡᠳᠦᠯᠭᠡᠵᠢᠭᠦᠯᠦᠨ ᠤᠬᠠᠮᠰᠠᠷᠠᠵᠤ ᠨᠠᠮᠴᠢ ᠴᠢᠨᠠᠷ᠎ᠢ ᠴᠢᠩᠭ᠋ᠠᠳᠬᠠᠨ ᠵᠣᠷᠢᠭᠲᠠᠢ᠎ᠪᠠᠷ ᠡᠭᠦᠷᠭᠡᠯᠡᠵᠦ ᠬᠦᠨᠳᠦ ᠡᠭᠦᠷᠭᠡ ᠵᠢ ᠡᠭᠦᠷᠭᠡᠯᠡᠨ ᠰᠢᠨ᠎ᠡ ᠭᠠᠪᠢᠶ᠎ᠠ ᠪᠠᠢ᠌ᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃

      ᠡᠯ᠎ᠡ ᠨᠠᠮ᠎ᠤᠨ ᠡᠭᠦᠷ᠎ᠤᠨ᠎ᠬᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠣᠢ᠌ᠷ᠎ᠠ᠎ᠳᠤ ᠳᠠᠷᠤᠮᠠᠯᠯᠠᠨ ᠲᠠᠷᠬᠠᠭ᠋ᠠᠭᠰᠠᠨ 《ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠳᠦᠷᠢᠮ》᠎ᠢ ᠲᠣᠰ ᠲᠣᠰ ᠬᠠᠮᠲᠤ ᠨᠠᠢ᠌ᠳᠠ᠎ᠪᠠᠷ ᠵᠶ᠋ᠡᠨ ᠰᠤᠷᠤᠯᠴᠠᠭᠤᠯᠵᠤ᠂ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠵᠢ ᠪᠠᠢ᠌ᠩᠭᠤᠵᠢᠭᠰᠠᠨ ᠣᠷᠳᠣ ᠬᠤᠭᠤᠴᠠᠭ᠋ᠠᠨ᠎ᠤ ᠪᠦᠲᠦᠮᠵᠢᠲᠡᠢ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠨᠠᠮ᠎ᠤᠨ ᠭᠡᠷᠡᠯ ᠰᠠᠴᠤᠷᠠᠩᠭᠤᠢ ᠥᠩᠭᠡᠷᠡᠯᠲᠡ᠂ ᠴᠢᠬᠤᠯᠠ ᠶᠡᠬᠡ ᠠᠮᠵᠢᠯᠲᠠ ᠪᠦᠲᠦᠮᠵᠢ᠂ ᠲᠡᠦᠬᠡ ᠵᠢᠨ ᠲᠤᠷᠰᠢᠯᠭ᠎ᠠ᠎ᠠᠴᠠ 《ᠲᠠᠯ᠎ᠠ ᠨᠤᠲᠤᠭ᠎ᠤᠨ ᠬᠥᠪᠡᠭᠦᠳ ᠥᠬᠢᠳ ᠨᠠᠮ ᠵᠶ᠋ᠠᠨ ᠳᠠᠭ᠋ᠠᠬᠤ》 ᠬᠤᠪᠢᠰᠬᠠᠯᠲᠤ ᠤᠯᠠᠮᠵᠢᠯᠠᠯ᠎ᠢ ᠣᠢ᠌ᠯᠠᠭ᠋ᠠᠬᠤ ᠵᠢ ᠴᠢᠬᠤᠯᠠᠴᠢᠯᠠᠪᠠ᠃ ᠳᠠᠷᠠᠭ᠎ᠠ᠎ᠳᠤᠨᠢ᠂ ᠡᠯ᠎ᠡ ᠨᠠᠮ᠎ᠤᠨ ᠡᠭᠦᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪ᠎ᠤᠨ ᠲᠣᠭᠣᠷᠢᠨ᠎ᠳᠤ᠂ 2024 ᠣᠨ᠎ᠤ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠴᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠣᠢ᠌ᠯᠠᠭ᠋ᠠᠵᠤ᠂ ᠨᠠᠢ᠌ᠳᠠᠪᠤᠷᠢᠵᠢᠭᠤᠯᠤᠯᠲᠠ ᠵᠢ ᠬᠡᠷᠬᠢᠨ ᠠᠬᠢᠭᠤᠯᠬᠤ ᠲᠤᠬᠠᠢ ᠬᠣᠶᠠᠷ ᠶᠡᠬᠡ ᠶᠠᠪᠤᠳᠠᠯ᠎ᠲᠠᠢ ᠨᠢᠭᠲᠠ ᠤᠶᠠᠯᠳᠤᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠲᠤᠰ ᠪᠡᠶ᠎ᠡ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠨᠢᠭᠲᠠ ᠤᠶᠠᠯᠳᠤᠭᠤᠯᠤᠨ ᠰᠤᠳᠤᠯᠤᠨ ᠶᠠᠷᠢᠯᠴᠠᠵᠤ ᠰᠣᠯᠢᠯᠴᠠᠪᠠ᠃

      ᠤᠯᠠᠨ ᠵᠶ᠋ᠠᠷ ᠵᠶ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠡᠷᠡᠰ ᠭᠤᠶ᠋ᠢᠪᠢᠰᠢ ᠦᠭᠡᠢ ᠡᠷᠡᠯᠬᠡᠭᠯᠡᠨ ᠤᠷᠤᠭᠰᠢᠯᠠᠵᠤ᠂ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠢ ᠰᠠᠯᠤᠯ ᠦᠭᠡᠢ ᠲᠠᠭ᠋ᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ᠎ᠳᠤ ᠵᠢᠱ᠌ᠢᠶᠡᠴᠢ ᠪᠣᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠣᠯᠵᠤ᠂ ᠰᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠲᠡᠰᠢ ᠯᠠᠪᠳᠠᠭᠤᠨ ᠪᠠᠲᠤᠲᠠᠢ ᠤᠷᠤᠭᠰᠢᠯᠠᠨ᠎ᠠ ᠭᠡᠵᠦ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠂ ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠬᠠᠮᠲᠤᠷᠠᠨ 《ᠯᠧᠢ ᠹᠧᠩ᠎ᠠᠴᠠ ᠰᠤᠷᠤᠯᠴᠠᠵᠤ ᠰᠢᠨ᠎ᠡ ᠰᠤᠷᠲᠠᠯ᠎ᠢ ᠪᠤᠢ ᠪᠣᠯᠭ᠋ᠠᠵᠤ ᠨᠡᠢ᠌ᠭᠡᠮ ᠲᠣᠭᠣᠷᠢᠭ᠎ᠢ ᠬᠠᠯᠠᠮᠵᠢᠯᠠᠬᠤ》 ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢᠴᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠠᠷᠢᠭᠤᠨ ᠴᠢᠬᠡᠴᠢ᠎ᠪᠠᠷ ᠵᠠᠰᠠᠭ ᠪᠠᠷᠢᠬᠤ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠲᠦᠩᠯᠢᠶᠣᠣ ᠵᠢᠨ ᠭᠢᠨᠳᠠᠨ᠎ᠳᠤ ᠬᠦᠷᠴᠦ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠭᠡᠰᠢᠭᠦᠨ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠰᠢᠶᠠᠮᠧᠨ ᠶᠡᠬᠡ ᠰᠤᠷᠭ᠋ᠠᠭᠤᠯᠢ᠎ᠳᠤ ᠠᠮᠵᠢᠯᠲᠠ᠎ᠲᠠᠢ ᠲᠡᠭᠦᠰᠴᠡᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠲᠥᠪᠯᠡᠷᠡᠭᠦᠯᠦᠨ ᠰᠤᠳᠤᠯᠤᠨ ᠶᠠᠷᠢᠯᠴᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠪᠤᠯᠪᠠᠰᠤᠷᠠᠯ ᠡᠷᠬᠢᠯᠡᠪᠡ
 
             蒙ICP备05000248号