ᠯᠧᠢ ᠹᠧᠩ᠎ᠠᠴᠠ ᠰᠤᠷᠤᠯᠴᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠯᠧᠢ ᠹᠧᠩ᠎ᠤᠨ ᠵᠣᠷᠢᠭ ᠰᠠᠨᠠᠭ᠋ᠠᠨ᠎ᠤ ᠴᠠᠭ ᠦᠶ᠎ᠡ ᠵᠢᠨ ᠠᠭᠤᠯᠤᠭᠳᠠᠬᠤᠨ᠎ᠢ ᠨᠡᠩ ᠰᠠᠶ᠋ᠢᠲᠤᠷ ᠤᠯᠠᠮᠵᠢᠯᠠᠨ ᠪᠠᠳᠠᠷᠠᠭᠤᠯᠬᠤ ᠵᠢᠨ ᠲᠥᠯᠥᠭᠡ᠂ 3 ᠰᠠᠷ᠎ᠠ ᠵᠢᠨ 19᠎ᠤ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠠᠴᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ᠎ᠲᠠᠢ ᠬᠠᠮᠲᠤᠷᠠᠨ᠂ ᠨᠡᠭᠦᠷᠡᠰᠦᠨ ᠠᠭᠤᠷᠬᠠᠢ ᠵᠢᠨ ᠭᠠᠵᠠᠷ ᠰᠢᠨᠵᠢᠯᠡᠭᠡᠨ᠎ᠤ ᠰᠠᠭᠤᠭ᠋ᠠᠯᠢ ᠲᠣᠭᠣᠷᠢᠭ᠎ᠲᠤ ᠬᠦᠷᠴᠦ 《ᠯᠧᠢ ᠹᠧᠩ᠎ᠠᠴᠠ ᠰᠤᠷᠤᠯᠴᠠᠵᠤ ᠰᠢᠨ᠎ᠡ ᠬᠡᠪ ᠰᠤᠷᠲᠠᠯ᠎ᠢ ᠪᠤᠢ ᠪᠣᠯᠭ᠋ᠠᠵᠤ ᠨᠡᠢ᠌ᠭᠡᠮ ᠲᠣᠭᠣᠷᠢᠭ᠎ᠢ ᠬᠠᠯᠠᠮᠵᠢᠯᠠᠬᠤ》 ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢᠴᠢ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠪᠦᠬᠦ ᠨᠠᠮ᠎ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠨᠡᠢ᠌ᠭᠡᠮ ᠲᠣᠭᠣᠷᠢᠭ᠎ᠤᠨ ᠠᠵᠢᠯᠲᠠᠨ᠎ᠲᠠᠢ ᠬᠠᠮᠵᠢᠯᠴᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠵᠢ ᠪᠠᠲᠤ ᠴᠣᠭᠴᠠᠯᠠᠬᠤ ᠤᠬᠠᠭᠤᠯᠭ᠎ᠠ ᠵᠢ ᠥᠷᠨᠢᠭᠦᠯᠬᠦ ᠵᠢᠨ ᠬᠠᠮᠲᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠮᠠᠲ᠋ᠧᠷᠢᠶᠠᠯ᠎ᠢ ᠲᠠᠷᠬᠠᠭ᠋ᠠᠵᠤ᠂ ᠬᠣᠭ ᠨᠣᠪᠰᠢ ᠵᠢ ᠳᠦᠷᠦᠯ ᠬᠤᠪᠢᠶᠠᠬᠤ ᠪᠠ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠳᠦᠷᠢᠮ᠎ᠤᠨ ᠬᠠᠮᠢᠶ᠎ᠠ ᠪᠦᠬᠦᠢ ᠠᠭᠤᠯᠭ᠎ᠠ ᠵᠢ ᠲᠠᠢ᠌ᠯᠪᠤᠷᠢᠯᠠᠵᠤ᠂ ᠤᠯᠠᠨ ᠲᠦᠮᠡᠨ᠎ᠤ ᠣᠷᠣᠯᠴᠠᠬᠤ ᠵᠢ ᠵᠣᠷᠢᠭᠵᠢᠭᠤᠯᠵᠤ᠂ ᠨᠡᠢ᠌ᠭᠡᠮ᠎ᠤᠨ ᠬᠢᠨᠠᠯᠲᠠ ᠲᠠᠯᠪᠢᠯᠲᠠ ᠵᠢ ᠴᠢᠩᠭ᠋ᠠᠳᠬᠠᠪᠠ᠃ ᠳᠠᠷᠠᠭ᠎ᠠ᠎ᠨᠢ ᠰᠠᠭᠤᠭ᠋ᠠᠯᠢ ᠠᠷᠠᠳ᠎ᠤᠨ ᠤᠯᠠᠨ ᠨᠠᠢ᠌ᠳᠠ ᠵᠢᠨ ᠲᠣᠭᠣᠷᠢᠭ᠎ᠲᠤ ᠠᠷᠢᠭᠤᠨ ᠴᠡᠪᠡᠷ᠎ᠤᠨ ᠴᠡᠪᠡᠷᠯᠡᠭᠡ ᠬᠢᠪᠡ᠃
ᠲᠣᠰ ᠤᠳᠠᠭ᠋ᠠᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠨᠢᠭᠲᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠪᠠᠢ᠌ᠭᠤᠯᠭ᠎ᠠ ᠵᠢᠨ ᠨᠠᠮ᠎ᠤᠨ ᠭᠡᠰᠢᠭᠦᠨ ᠺᠠᠳ᠋ᠷᠴᠤᠳ᠎ᠤᠨ ᠤᠯᠠᠨ ᠲᠦᠮᠡᠨ᠎ᠳᠤ ᠦᠢ᠍ᠯᠡᠴᠢᠯᠡᠬᠦ᠂ ᠦᠨᠳᠦᠰᠦᠨ ᠱᠠᠲᠤᠨ᠎ᠳᠤ ᠬᠤᠪᠢ ᠨᠡᠮᠡᠷᠢ ᠦᠵᠡᠭᠦᠯᠬᠦ ᠤᠬᠠᠮᠰᠠᠷ᠎ᠢ ᠳᠡᠭᠡᠭᠰᠢᠯᠡᠭᠦᠯᠦᠨ᠂ ᠰᠠᠶ᠋ᠢᠨ ᠰᠠᠢ᠌ᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃ ᠳᠠᠷᠠᠭ᠋ᠠᠴᠢ ᠵᠢᠨ ᠠᠯᠬᠤᠮ᠎ᠳᠤ᠂ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠂ ᠤᠬᠠᠭᠤᠯᠭ᠎ᠠ ᠬᠥᠮᠦᠵᠢᠯ᠎ᠤᠨ ᠲᠥᠪ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ + ᠰᠠᠢ᠍ᠢ᠍ᠨ ᠳᠤᠷ᠎ᠠ ᠵᠢᠨ ᠦᠢ᠍ᠯᠡᠴᠢᠯᠡᠭᠡ》 ᠵᠢᠨ ᠠᠵᠢᠯ᠎ᠤᠨ ᠵᠠᠭᠪᠤᠷ᠎ᠢ ᠦᠷᠭᠦᠯᠵᠢᠯᠡᠨ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠢ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ᠎ᠤᠨ ᠵᠣᠷᠢᠭ ᠵᠶ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠣᠷᠣᠯᠴᠠᠭᠤᠯᠬᠤ ᠵᠢ ᠬᠥᠮᠥᠵᠢᠭᠦᠯᠦᠨ ᠵᠢᠯᠤᠭᠣᠳᠴᠤ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭ᠋ᠠᠨ ᠥᠩᠭᠡ᠂ ᠡᠨᠡᠬᠦ ᠬᠥᠬᠡᠮᠳᠦᠭ ᠥᠩᠭᠡ᠂ ᠡᠨᠡᠬᠦ ᠴᠡᠪᠡᠷ ᠠᠷᠢᠭᠤᠨ ᠴᠡᠪᠡᠷ ᠪᠠᠶ᠋ᠢᠳᠠᠯ᠎ᠢ ᠰᠠᠶ᠋ᠢᠲᠤᠷ ᠰᠠᠬᠢᠨ ᠬᠠᠮᠠᠭ᠋ᠠᠯᠠᠬᠤ᠎ᠳᠤ ᠬᠦᠴᠦᠨ ᠴᠢᠳᠠᠯ ᠵᠶ᠋ᠠᠨ ᠡᠷᠭᠦᠪᠡ!