ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠠᠷᠢᠭᠤᠨ ᠴᠢᠬᠡᠴᠢ᠎ᠪᠠᠷ ᠵᠠᠰᠠᠭ ᠪᠠᠷᠢᠬᠤ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠠᠲᠤ ᠴᠣᠭᠴᠠᠯᠠᠵᠤ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠲᠦᠩᠯᠢᠶᠣᠣ ᠵᠢᠨ ᠭᠢᠨᠳᠠᠨ᠎ᠳᠤ ᠬᠦᠷᠴᠦ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2024-04-19

      ᠨᠠᠮ᠎ᠤᠨ ᠭᠡᠰᠢᠭᠦᠨ ᠺᠠᠳ᠋ᠷᠴᠤᠳ᠎ᠤᠨ ᠢᠯᠵᠢᠷᠡᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠢ᠌ᠯᠡᠬᠦ ᠦᠵᠡᠯ ᠤᠬᠠᠮᠰᠠᠷ᠎ᠤᠨ ᠰᠡᠷᠭᠡᠢ᠌ᠯᠡᠯᠲᠡ ᠵᠢᠨ ᠱᠤᠭᠤᠮ᠎ᠢ ᠴᠢᠨᠠᠭᠰᠢᠳᠠ ᠪᠡᠬᠢᠵᠢᠭᠦᠯᠵᠦ᠂ ᠠᠷᠢᠭᠤᠨ ᠴᠢᠬᠡᠴᠢ᠎ᠪᠠᠷ ᠪᠡᠶ᠎ᠡ᠎ᠪᠠᠨ ᠱᠠᠭ᠋ᠠᠷᠳᠠᠬᠤ ᠤᠬᠠᠮᠰᠠᠷ᠎ᠢ ᠴᠢᠩᠭ᠋ᠠᠳᠬᠠᠬᠤ ᠵᠢᠨ ᠲᠥᠯᠥᠭᠡ᠂ 3 ᠰᠠᠷ᠎ᠠ ᠵᠢᠨ 28᠎ᠤ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠨᠠᠮ᠎ᠤᠨ ᠡᠭᠦᠷ᠎ᠲᠠᠢ ᠬᠠᠮᠲᠤᠷᠠᠨ ᠲᠦᠩᠯᠢᠶᠣᠣ ᠵᠢᠨ ᠭᠢᠨᠳᠠᠨ᠎ᠳᠤ ᠬᠦᠷᠴᠦ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢ ᠵᠢᠨ ᠬᠥᠮᠦᠵᠢᠯ᠎ᠢ ᠥᠷᠨᠢᠭᠦᠯᠪᠡ᠃
      ᠭᠢᠨᠳᠠᠨ᠎ᠤ ᠬᠠᠮᠢᠶᠠᠷᠤᠯᠲᠠ ᠵᠢᠨ ᠠᠵᠢᠯᠲᠠᠨ᠎ᠤ ᠵᠢᠯᠣᠭᠣᠳᠤᠯᠭ᠎ᠠ ᠪᠠ ᠲᠠᠢ᠌ᠯᠤᠮᠵᠢ ᠵᠢᠨ ᠳᠣᠣᠷ᠎ᠠ᠂ ᠪᠥᠬᠥ ᠨᠠᠮ᠎ᠤᠨ ᠭᠡᠰᠢᠭᠦᠨ ᠺᠠᠳ᠋ᠷᠴᠤᠳ ᠡᠷᠡᠭᠦᠦ ᠵᠢᠨ ᠰᠢᠢ᠍ᠳᠬᠡᠯ ᠭᠦᠢ᠍ᠴᠡᠳᠬᠡᠵᠦ ᠪᠠᠢ᠌ᠭ᠎ᠠ ᠬᠥᠮᠥᠰ᠎ᠤᠨ ᠬᠥᠳᠡᠯᠮᠦᠷᠢ ᠦᠢ᠍ᠯᠡᠳᠪᠦᠷᠢᠯᠡᠯ᠎ᠤᠨ ᠲᠠᠰᠤᠭ ᠪᠠ ᠭᠢᠨᠳᠠᠨ᠎ᠤ ᠪᠠᠶ᠋ᠢᠷᠢ ᠵᠢ ᠡᠮᠬᠢ ᠵᠢᠷᠤᠮ᠎ᠲᠠᠢ᠎ᠪᠠᠷ ᠲᠣᠭᠣᠷᠢᠨ ᠦᠵᠡᠵᠦ᠂ ᠡᠷᠡᠭᠦᠦ ᠵᠢᠨ ᠰᠢᠢ᠍ᠳᠬᠡᠯ ᠭᠦᠢ᠍ᠴᠡᠳᠬᠡᠵᠦ ᠪᠠᠢ᠌ᠭ᠎ᠠ ᠬᠥᠮᠥᠰ᠎ᠤᠨ ᠰᠤᠷᠤᠯᠭ᠎ᠠ ᠠᠮᠢᠳᠤᠷᠠᠯ ᠪᠠ ᠥᠭᠡᠷᠡᠴᠢᠯᠡᠯᠲᠡ ᠵᠢᠨ ᠪᠠᠶ᠋ᠢᠳᠠᠯ᠎ᠢ ᠲᠤᠬᠠᠢ ᠵᠢᠨ ᠲᠠᠯᠠᠪᠤᠷ᠎ᠲᠤᠨᠢ ᠣᠢ᠌ᠯᠠᠭ᠋ᠠᠪᠠ᠃ ᠭᠢᠨᠳᠠᠨ᠎ᠤ ᠮᠡᠳᠡᠭᠦᠯᠦᠯᠲᠡ ᠵᠢᠨ ᠲᠢᠩᠬᠢᠮ᠎ᠳᠤ᠂ ᠨᠥᠬᠥᠳ ᠨᠠᠷ ᠸᠢᠳᠢᠤ᠋ ᠦᠵᠡᠬᠦ ᠬᠡᠯᠪᠡᠷᠢ᠎ᠪᠠᠷ ᠡᠷᠬᠡ ᠲᠤᠰᠢᠶᠠᠯ ᠵᠶ᠋ᠠᠨ ᠠᠰᠢᠭᠯᠠᠨ ᠶᠠᠯ᠎ᠠ ᠬᠢᠵᠦ ᠡᠷᠡᠭᠦᠦ ᠰᠢᠢ᠍ᠳᠬᠡᠯ ᠭᠦᠢ᠍ᠴᠡᠳᠬᠡᠵᠦ ᠪᠠᠢ᠌ᠭ᠎ᠠ ᠬᠣᠶᠠᠷ ᠬᠥᠮᠥᠨ᠎ᠤ ᠥᠪᠡᠷ᠎ᠤᠨ ᠪᠡᠶ᠎ᠡ᠎ᠪᠠᠷ ᠵᠶ᠋ᠡᠨ ᠶᠠᠷᠢᠭᠰᠠᠨ ᠶᠠᠷᠢᠶ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠲᠡᠳᠡᠨ᠎ᠤ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠠᠢ᠌ᠭᠰᠠᠨ᠎ᠠᠴᠠ᠎ᠪᠠᠨ ᠶᠠᠯᠠᠲᠤ ᠡᠲᠡᠭᠡᠳ ᠪᠣᠯᠣᠨ ᠳᠣᠷᠣᠢ᠌ᠲᠠᠭᠰᠠᠨ ᠥᠩᠭᠡᠷᠡᠯᠲᠡ᠂ ᠵᠣᠬᠢᠶᠠᠨ ᠪᠠᠢ᠌ᠭᠤᠯᠤᠯᠲᠠ᠂ ᠨᠡᠢ᠌ᠭᠡᠮ ᠪᠣᠯᠣᠨ ᠭᠡᠷ ᠪᠦᠯᠢ᠎ᠳᠤ ᠤᠴᠠᠷᠠᠭᠤᠯᠤᠭᠰᠠᠨ ᠯᠤᠲᠤ ᠶᠡᠬᠡ ᠬᠣᠣᠷ ᠬᠥᠨᠥᠭᠡᠯ ᠵᠢᠴᠢ ᠡᠷᠬᠡ ᠴᠢᠯᠦᠭᠡ ᠵᠢᠨ ᠲᠤᠬᠠᠢ ᠬᠦᠰᠡᠯ ᠡᠷᠡᠮᠡᠯᠵᠡᠯ ᠪᠣᠯᠣᠨ ᠳᠦᠷᠦᠯ ᠰᠠᠳᠤᠨ ᠵᠶ᠋ᠠᠨ ᠮᠥᠷᠥᠭᠡᠳᠦᠨ ᠰᠠᠨᠠᠭ᠋ᠠᠯᠵᠠᠵᠤ ᠪᠠᠶ᠋ᠢᠬᠤ᠂ ᠳᠣᠲᠣᠭ᠋ᠠᠳᠤ ᠰᠡᠳᠬᠢᠯ᠎ᠤᠨ ᠵᠣᠪᠠᠨᠢᠯ ᠪᠣᠯᠣᠨ ᠭᠡᠮᠰᠢᠯ ᠵᠶ᠋ᠡᠨ ᠭᠦᠢ᠍ᠴᠡᠳ ᠢᠯᠡᠳᠬᠡᠵᠡᠢ᠃ ᠦᠨᠡᠨ ᠪᠣᠳᠠᠲᠠᠢ ᠰᠢᠨ᠎ᠡ ᠰᠣᠷᠭᠣᠭ ᠬᠡᠷᠡᠭ᠎ᠤᠨ ᠵᠢᠱ᠌ᠢᠶ᠎ᠡ ᠪᠠ ᠦᠨᠡᠨ ᠰᠡᠳᠬᠢᠯ᠎ᠤᠨ ᠭᠡᠮᠰᠢᠯ᠎ᠨᠢ ᠲᠤᠬᠠᠢ ᠵᠢᠨ ᠲᠠᠯᠠᠪᠤᠷ᠎ᠲᠤ ᠪᠠᠢ᠌ᠭᠰᠠᠨ ᠬᠥᠮᠥᠰ᠎ᠲᠤ ᠨᠢᠭᠡᠨ ᠣᠨᠴᠠᠭ᠋ᠠᠢ ᠪᠥᠭᠡᠳ ᠠᠮᠢᠳᠤᠯᠢᠭ ᠰᠡᠷᠡᠮᠵᠢᠯᠡᠭᠦᠯᠬᠦ ᠬᠥᠮᠦᠵᠢᠯ᠎ᠤᠨ ᠬᠢᠴᠢᠶᠡᠯ ᠣᠷᠣᠵᠤ᠂ ᠬᠡᠷᠡᠭ ᠵᠶ᠋ᠡᠷ ᠰᠡᠷᠡᠮᠵᠢᠯᠡᠭᠦᠯᠬᠦ ᠦᠷ᠎ᠡ ᠳ᠋ᠦᠩ ᠭᠠᠷᠭ᠋ᠠᠭᠰᠠᠨ ᠪᠠᠢ᠌ᠨ᠎ᠠ᠃
      ᠲᠤᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ ᠵᠶ᠋ᠡᠷ ᠳᠠᠮᠵᠢᠭᠤᠯᠤᠨ᠂ ᠪᠦᠬᠦ ᠨᠠᠮ᠎ᠤᠨ ᠭᠡᠰᠢᠭᠦᠨ ᠺᠠᠳ᠋ᠷᠴᠤᠳ ᠰᠠᠬᠢᠯᠭ᠎ᠠ ᠪᠠᠲᠤ ᠵᠢ ᠵᠥᠷᠢᠴᠡᠨ ᠬᠠᠤᠯᠢ ᠴᠠᠭ᠋ᠠᠵᠠ ᠵᠢ ᠵᠥᠷᠢᠴᠡᠭᠰᠡᠨ ᠠᠵᠢᠯᠯᠠᠭ᠎ᠠ ᠵᠢᠨ ᠨᠠᠮ ᠪᠣᠯᠣᠨ ᠤᠯᠤᠰ ᠣᠷᠣᠨ᠂ ᠨᠡᠢ᠌ᠭᠡᠮ ᠪᠣᠯᠣᠨ ᠭᠡᠷ ᠪᠦᠯᠢ᠎ᠳᠤ ᠤᠴᠠᠷᠠᠭᠤᠯᠤᠭᠰᠠᠨ ᠬᠦᠨᠳᠦ ᠨᠣᠴᠢᠲᠠᠢ ᠬᠣᠣᠷ ᠬᠥᠨᠥᠭᠡᠯ᠎ᠢ ᠭᠦᠨᠵᠡᠭᠡᠢ ᠣᠢ᠌ᠯᠠᠭ᠋ᠠᠵᠤ᠂ ᠬᠥᠮᠥᠰ᠎ᠢ ᠰᠦᠷᠳᠡᠭᠦᠯᠦᠨ ᠭᠦᠨ ᠰᠡᠳᠬᠢᠭᠦᠯᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠤᠨ ᠲᠠᠯ᠎ᠠ᠎ᠪᠠᠷ ᠨᠡᠩ ᠰᠡᠷᠭᠡᠭ ᠲᠠᠨᠢᠯᠲᠠ᠎ᠲᠠᠢ ᠪᠣᠯᠤᠭᠰᠠᠨ ᠪᠠᠢ᠌ᠨ᠎ᠠ᠃ ᠤᠯᠠᠨ ᠵᠶ᠋ᠠᠷ ᠵᠶ᠋ᠠᠨ᠂ ᠡᠰᠡᠷᠭᠦ ᠲᠠᠯ᠎ᠠ ᠵᠢᠨ ᠨᠡᠢ᠌ᠲᠡᠯᠢᠭ ᠵᠢᠱ᠌ᠢᠶ᠎ᠡ᠎ᠪᠠᠷ ᠴᠡᠭᠡᠷᠯᠡᠯ ᠪᠣᠯᠭ᠋ᠠᠵᠤ᠂ ᠡᠭᠦᠨ᠎ᠠᠴᠠ ᠭᠦᠨᠵᠡᠭᠡᠢ ᠰᠤᠷᠭ᠋ᠠᠮᠵᠢ ᠠᠪᠴᠤ᠂ ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠵᠦ᠂ ᠤᠬᠠᠮᠰᠠᠷ᠎ᠠᠴᠠ᠎ᠪᠠᠨ ᠲᠥᠪ ᠪᠤᠰᠤ ᠰᠤᠷᠲᠠᠯ᠎ᠢ ᠡᠰᠡᠷᠭᠦᠴᠡᠨ ᠬᠣᠷᠢᠭᠯᠠᠵᠤ᠂ ᠠᠷᠢᠭᠤᠨ ᠴᠢᠬᠡᠴᠢ ᠤᠯᠤᠰ ᠲᠥᠷᠥ ᠵᠢᠨ ᠣᠣᠷ ᠴᠢᠨᠠᠷ ᠵᠶ᠋ᠠᠨ ᠡᠭᠦᠷᠢᠳᠡ ᠪᠠᠲᠤᠯᠠᠨ᠎ᠠ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠭᠡᠰᠢᠭᠦᠨ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠰᠢᠶᠠᠮᠧᠨ ᠶᠡᠬᠡ ᠰᠤᠷᠭ᠋ᠠᠭᠤᠯᠢ᠎ᠳᠤ ᠠᠮᠵᠢᠯᠲᠠ᠎ᠲᠠᠢ ᠲᠡᠭᠦᠰᠴᠡᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠲᠥᠪᠯᠡᠷᠡᠭᠦᠯᠦᠨ ᠰᠤᠳᠤᠯᠤᠨ ᠶᠠᠷᠢᠯᠴᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠪᠤᠯᠪᠠᠰᠤᠷᠠᠯ ᠡᠷᠬᠢᠯᠡᠪᠡ
 
             蒙ICP备05000248号