ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠣᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠵᠢᠨ ᠲᠥᠯᠥᠭᠡ᠂ 2024 ᠣᠨ᠎ᠤ 4 ᠰᠠᠷ᠎ᠠ ᠵᠢᠨ 26 — 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠭᠡᠰᠢᠭᠦᠨ ᠺᠠᠳ᠋ᠷ᠎ᠤᠨ ᠬᠡᠪ ᠴᠢᠳᠠᠪᠤᠷᠢ ᠵᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠵᠢ ᠰᠢᠶᠠᠮᠧᠨ ᠶᠡᠬᠡ ᠰᠤᠷᠭ᠋ᠠᠭᠤᠯᠢ᠎ᠳᠤ ᠡᠷᠬᠢᠯᠡᠪᠡ᠃ ᠰᠢᠶᠠᠮᠧᠨ ᠶᠡᠬᠡ ᠰᠤᠷᠭ᠋ᠠᠭᠤᠯᠢ ᠵᠢᠨ ᠡᠨᠧᠷᠭᠢ ᠵᠢᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠱᠦᠵᠢ ᠸᠠᠩ ᠵᠢᠶᠧ ᠰᠦᠩ ᠤᠭᠲᠤᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠤᠨ ᠱᠦᠵᠢ ᠢᠦᠢ ᠰᠢᠶᠣᠣ ᠳ᠋ᠦᠩ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠪᠣᠯᠣᠨ ᠲᠢᠩᠬᠢᠮ ᠪᠠᠢ᠌ᠭᠤᠯᠤᠯᠭ᠎ᠠ ᠵᠢᠨ ᠬᠠᠮᠢᠶ᠎ᠠ ᠪᠦᠬᠦᠢ ᠭᠠᠵᠠᠷ ᠭᠡᠷ ᠨᠢᠭᠡᠴᠢ ᠵᠢᠨ ᠨᠠᠮ᠎ᠤᠨ ᠭᠡᠰᠢᠭᠦᠨ ᠺᠠᠳ᠋ᠷ ᠪᠣᠯᠪᠠᠰᠤᠷᠠᠯ᠎ᠳᠤ ᠣᠷᠣᠯᠴᠠᠪᠠ᠃
ᠲᠤᠰ ᠤᠳᠠᠭ᠋ᠠᠨ᠎ᠤ ᠪᠣᠯᠪᠠᠰᠤᠷᠠᠯ᠎ᠤᠨ ᠠᠩᠭᠢ ᠰᠢᠶᠠᠮᠧᠨ ᠶᠡᠬᠡ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠡᠬᠢ ᠰᠤᠷᠪᠤᠯᠵᠢ᠎ᠳᠤ ᠲᠦᠰᠢᠭᠯᠡᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠲᠤᠰᠬᠠᠢ ᠮᠡᠷᠭᠡᠵᠢᠯ᠎ᠤᠨ ᠮᠡᠳᠡᠯᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠲᠠᠢ ᠨᠢᠭᠲᠠ ᠤᠶᠠᠯᠳᠤᠭᠤᠯᠵᠤ᠂ ᠬᠢᠴᠢᠶᠡᠯ᠎ᠤᠨ ᠠᠭᠤᠯᠭ᠎ᠠ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》᠂ ᠬᠣᠣᠰ ᠨᠠᠭᠦᠷᠡᠰᠦᠲᠦ᠋ᠷᠦᠭᠴᠢ ᠵᠢᠨ ᠪᠠᠢ᠌ᠯᠳᠤᠬᠤ ᠪᠣᠳᠣᠯᠭ᠎ᠠ᠂ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠡᠷᠭᠡ ᠲᠠᠯ᠎ᠠ ᠵᠢᠨ ᠠᠭᠤᠯᠭ᠎ᠠ ᠵᠢ ᠪᠠᠭᠲᠠᠭ᠋ᠠᠵᠤ᠂ ᠰᠢᠶᠠᠮᠧᠨ ᠶᠡᠬᠡ ᠰᠤᠷᠭ᠋ᠠᠭᠤᠯᠢ ᠵᠢᠨ ᠬᠠᠮᠢᠶ᠎ᠠ ᠪᠦᠬᠦᠢ ᠬᠦᠷᠢᠶᠡᠨ᠎ᠤ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠨ ᠬᠢᠴᠢᠶᠡᠯᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠤᠯᠤᠰ ᠲᠥᠷᠥ ᠵᠢᠨ ᠬᠡᠪ ᠪᠣᠯᠪᠠᠰᠤᠷᠠᠯ ᠪᠣᠯᠣᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
ᠪᠣᠯᠪᠠᠰᠤᠷᠠᠯ᠎ᠢ ᠲᠥᠪᠯᠡᠷᠡᠭᠦᠯᠦᠨ ᠨᠢᠭᠤᠷᠳᠠᠨ ᠵᠢᠭ᠋ᠠᠬᠤ ᠪᠠ ᠲᠤᠬᠠᠢ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ ᠵᠢ ᠤᠶᠠᠯᠳᠤᠭᠤᠯᠬᠤ ᠠᠷᠭ᠎ᠠ ᠬᠡᠯᠪᠡᠷᠢ᠎ᠪᠠᠷ ᠶᠠᠪᠤᠭᠳᠠᠭᠤᠯᠵᠤ᠂ ᠤᠨᠤᠯ᠎ᠤᠨ ᠬᠢᠴᠢᠶᠡᠯᠯᠡᠭᠡ ᠵᠢ ᠵᠣᠬᠢᠶᠠᠨ ᠪᠠᠢ᠌ᠭᠤᠯᠤᠭᠰᠠᠨ ᠰᠠᠭᠤᠷᠢᠨ ᠳᠡᠭᠡᠷ᠎ᠡ᠂ ᠪᠣᠯᠪᠠᠰᠤᠷᠠᠯ᠎ᠳᠤ ᠣᠷᠣᠯᠴᠠᠬᠤ ᠰᠤᠷᠤᠭᠴᠢᠳ᠎ᠢ ᠵᠣᠬᠢᠶᠠᠨ ᠪᠠᠢ᠌ᠭᠤᠯᠤᠨ ᠲᠤᠬᠠᠢ ᠵᠢᠨ ᠲᠠᠯᠠᠪᠠᠢ᠎ᠳᠤ ᠭᠦᠨᠵᠡᠭᠡᠢ᠌ᠷᠡᠭᠦᠯᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠶᠠᠮᠧᠨ᠎ᠳᠠᠬᠢ ᠠᠮᠢᠳᠤᠯᠢᠭ ᠦᠢ᠍ᠯᠡᠳᠦᠯᠭᠡ ᠵᠢ ᠰᠤᠷᠤᠯᠴᠠᠭᠤᠯᠤᠨ ᠪᠠᠢ᠌ᠴᠠᠭ᠋ᠠᠨ ᠰᠤᠳᠤᠯᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠠᠮᠢ ᠠᠬᠤᠢ ᠵᠢᠨ ᠣᠢ᠌ᠯᠠᠭ᠋ᠠᠭᠳᠠᠬᠤᠨ᠎ᠢ ᠪᠡᠶ᠎ᠡ᠎ᠪᠠᠷ ᠵᠶ᠋ᠡᠨ ᠣᠢ᠌ᠯᠠᠭ᠋ᠠᠪᠠ᠃
ᠪᠣᠯᠪᠠᠰᠤᠷᠠᠯ᠎ᠳᠤ ᠣᠷᠣᠯᠴᠠᠭᠰᠠᠨ ᠰᠤᠷᠤᠯᠭ᠋ᠠᠲᠠᠳ᠎ᠤᠨ ᠦᠵᠡᠬᠦ᠎ᠪᠠᠷ᠂ ᠲᠣᠰ ᠤᠳᠠᠭ᠋ᠠᠨ᠎ᠤ ᠪᠣᠯᠪᠠᠰᠤᠷᠠᠯ᠎ᠤᠨ ᠭᠣᠣᠯ ᠰᠡᠳᠦᠪ᠎ᠨᠢ ᠢᠯᠡ ᠲᠣᠳᠣ᠂ ᠭᠣᠣᠯᠳᠠᠯᠭ᠎ᠠ᠎ᠨᠢ ᠲᠣᠪᠣᠢ᠌ᠮ᠎ᠠ᠂ ᠪᠣᠳᠠᠲᠠᠢ ᠵᠢ ᠡᠷᠬᠢᠮᠯᠡᠭᠰᠡᠨ ᠪᠥᠭᠡᠳ ᠥᠨᠳᠥᠷ ᠪᠦᠲᠦᠮᠵᠢᠲᠡᠢ ᠪᠠᠢ᠌ᠵᠤ᠂ ᠤᠨᠤᠯ ᠪᠠ ᠦᠢ᠍ᠯᠡᠳᠦᠯᠭᠡ ᠵᠢ ᠤᠶᠠᠯᠳᠤᠭᠤᠯᠤᠭᠰᠠᠨ ᠰᠤᠷᠤᠯᠴᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠬᠤ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠬᠦ ᠵᠣᠷᠢᠯᠭ᠎ᠠ᠎ᠳᠤ ᠬᠦᠷᠴᠦ᠂ ᠢᠯᠠᠩᠭᠤᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠳᠬᠡᠯ ᠥᠭᠬᠦ ᠳᠦᠷᠢᠮ》᠎ᠢ ᠰᠤᠷᠤᠯᠴᠠᠬᠤ᠎ᠪᠠᠷ ᠳᠠᠮᠵᠢᠭᠤᠯᠤᠨ᠂ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠦᠵᠡᠯ ᠰᠠᠨᠠᠭ᠋ᠠᠨ᠎ᠤ ᠤᠬᠠᠮᠰᠠᠷ ᠪᠠ ᠦᠢ᠍ᠯᠡ ᠠᠵᠢᠯᠯᠠᠭ᠋ᠠᠨ᠎ᠤ ᠤᠬᠠᠮᠰᠠᠷ ᠪᠣᠯᠭ᠋ᠠᠨ ᠬᠤᠪᠢᠷᠠᠭᠤᠯᠬᠤ᠎ᠳᠤ ᠠᠬᠢᠭᠤᠯᠬᠤ ᠦᠢ᠍ᠯᠡᠳᠦᠯ ᠦᠵᠡᠭᠦᠯᠪᠡ᠃ ᠤᠯᠠᠨ ᠵᠶ᠋ᠠᠷ ᠵᠶ᠋ᠠᠨ᠂ ᠲᠤᠰ ᠤᠳᠠᠭ᠎ᠠ ᠵᠢᠨ ᠪᠣᠯᠪᠠᠰᠤᠷᠠᠯ ᠵᠶ᠋ᠠᠷ ᠠᠵᠠ ᠲᠣᠬᠢᠶᠠᠯ ᠪᠣᠯᠭ᠋ᠠᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠪᠣᠯᠣᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠪ᠎ᠤᠨ ᠠᠵᠢᠯ᠎ᠢ ᠬᠠᠷᠢᠯᠴᠠᠨ ᠠᠭᠤᠰᠤᠯᠴᠠᠭᠤᠯᠵᠤ᠂ ᠬᠠᠷᠢᠯᠴᠠᠨ ᠠᠬᠢᠭᠤᠯᠬᠤ ᠵᠢ ᠪᠠᠷᠢᠮᠲᠠᠯᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ᠎ᠢ ᠦᠨᠡᠨᠬᠦ ᠠᠵᠢᠯ᠎ᠤᠨ ᠪᠣᠳᠠᠲᠤ ᠪᠠᠶ᠋ᠢᠳᠠᠯ᠎ᠳᠠᠭᠠᠨ ᠬᠡᠷᠡᠭᠯᠡᠵᠦ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠦᠢ᠍ᠯᠡᠰ᠎ᠤᠨ ᠬᠥᠭᠵᠢᠯᠲᠡ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃