ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠲᠥᠪᠯᠡᠷᠡᠭᠦᠯᠦᠨ ᠰᠤᠳᠤᠯᠤᠨ ᠶᠠᠷᠢᠯᠴᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2024-05-29

      ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠭᠦᠨᠵᠡᠭᠡᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷᠲᠤ ᠴᠢᠨᠠᠷ ᠪᠣᠯᠣᠨ ᠠᠷᠢᠭᠤᠨ ᠴᠢᠬᠡᠴᠢ ᠤᠬᠠᠮᠰᠠᠷ᠎ᠢ ᠴᠢᠨᠠᠭᠰᠢᠳᠠ ᠳᠡᠭᠡᠭᠰᠢᠯᠡᠭᠦᠯᠬᠦ ᠵᠢᠨ ᠲᠥᠯᠥᠭᠡ᠂ 2024 ᠣᠨ᠎ᠤ 5 ᠰᠠᠷ᠎ᠠ ᠵᠢᠨ 10᠎ᠤ ᠡᠳᠦᠷ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠳᠦᠷᠢᠮ》 (ᠳᠣᠷᠣᠭᠰᠢ 《ᠳᠦᠷᠢᠮ》 ᠭᠡᠵᠦ ᠳᠥᠭᠥᠮᠴᠢᠯᠡᠨ᠎ᠡ)᠎ᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠰᠣᠯᠢᠯᠴᠠᠨ ᠰᠤᠳᠤᠯᠤᠨ ᠶᠠᠷᠢᠯᠴᠠᠬᠤ ᠵᠢ ᠥᠷᠨᠢᠭᠦᠯᠵᠡᠢ᠃
      ᠬᠤᠷᠠᠯ ᠳᠡᠭᠡᠷ᠎ᠡ᠂ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠲᠣᠭᠲᠠᠭ᠋ᠠᠭᠰᠠᠨ ᠰᠤᠷᠤᠯᠴᠠᠯᠭ᠎ᠠ ᠵᠢᠨ ᠨᠠᠷᠢᠨ ᠳᠠᠩᠰᠠ ᠵᠢᠨ ᠶᠣᠰᠣᠭ᠋ᠠᠷ᠂ ᠢᠦᠢ ᠬᠠᠢ ᠨᠥᠬᠥᠷ ᠦᠭᠡ ᠦᠰᠦᠭ ᠳᠠᠷᠠᠭ᠋ᠠᠯᠠᠨ 《ᠳᠦᠷᠢᠮ》᠎ᠤᠨ ᠬᠣᠶᠠᠳᠤᠭ᠋ᠠᠷ ᠪᠦᠯᠦᠭ ᠵᠢᠴᠢ 《ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠲᠤᠬᠠᠢ ᠥᠭᠦᠯᠡᠬᠦ᠎ᠨᠢ》 ᠭᠡᠬᠦ ᠬᠡᠰᠡᠭ ᠠᠭᠤᠯᠭ᠎ᠠ ᠵᠢ ᠰᠤᠷᠤᠯᠴᠠᠵᠠᠢ᠃ ᠳᠠᠷᠠᠭ᠎ᠠ᠎ᠳᠤᠨᠢ᠂ ᠠᠩᠭᠢ ᠵᠢᠨ ᠤᠳᠤᠷᠢᠳᠤᠯᠭ᠎ᠠ ᠵᠢᠨ ᠳᠠᠭ᠋ᠠᠭᠤᠯᠭ᠎ᠠ ᠳᠣᠣᠷ᠎ᠠ᠂ ᠪᠦᠬᠦ ᠨᠠᠮ᠎ᠤᠨ ᠭᠡᠰᠢᠭᠦᠨ ᠺᠠᠳ᠋ᠷ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠬᠤ ᠵᠢ ᠭᠦᠨᠵᠡᠭᠡᠢ ᠥᠷᠨᠢᠭᠦᠯᠵᠦ᠂ ᠨᠢᠭᠡᠳ ᠨᠢᠭᠡ᠎ᠪᠠᠷ ᠶᠠᠷᠢᠶ᠎ᠠ ᠲᠠᠯᠪᠢᠪᠠ᠃ ᠬᠤᠷᠠᠯ᠎ᠠᠴᠠ᠂ ᠪᠦᠬᠦ ᠠᠩᠭᠢ ᠵᠢᠨ ᠨᠠᠮ᠎ᠤᠨ ᠭᠡᠰᠢᠭᠦᠨ ᠺᠠᠳ᠋ᠷ ᠪᠦᠬᠦ ᠨᠠᠮ ᠵᠶ᠋ᠠᠷ ᠵᠶ᠋ᠠᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠴᠢᠨᠠᠷ ᠪᠣᠯᠣᠨ 《ᠳᠦᠷᠢᠮ》᠎ᠳᠤ ᠵᠠᠰᠠᠪᠤᠷᠢ ᠣᠷᠣᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠢᠨ᠎ᠡ 《ᠳᠦᠷᠢᠮ》᠎ᠢ ᠲᠤᠭᠤᠰᠢᠯᠠᠭᠤᠯᠬᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠠᠵᠢᠯᠯᠠᠭ᠎ᠠ ᠵᠢᠨ ᠤᠬᠠᠮᠰᠠᠷ ᠵᠶ᠋ᠠᠨ ᠦᠨᠡᠨᠬᠦ ᠴᠢᠩᠭ᠋ᠠᠳᠬᠠᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡᠪᠡᠷ ᠠᠳᠬᠤᠬᠤ ᠵᠢ ᠪᠠᠷᠢᠮᠲᠠᠯᠠᠵᠤ᠂ ᠨᠠᠮᠴᠢ ᠴᠢᠨᠠᠷ᠎ᠤᠨ ᠬᠥᠮᠦᠵᠢᠯ ᠵᠶ᠋ᠡᠷ ᠰᠠᠭᠤᠷᠢ ᠵᠢ ᠪᠠᠲᠤᠳᠬᠠᠵᠤ᠂ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠰᠢᠩᠭᠡᠭᠡᠬᠦ ᠵᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠳᠤ ᠣᠷᠣᠯᠴᠠᠭᠰᠠᠳ ᠰᠠᠨᠠᠯ ᠨᠢᠭᠡᠲᠡᠢ᠎ᠪᠠᠷ 《ᠳᠦᠷᠢᠮ》᠎ᠨᠢ ᠨᠠᠮ᠎ᠢ ᠬᠠᠮᠢᠶᠠᠷᠴᠤ ᠨᠠᠮ᠎ᠢ ᠵᠠᠰᠠᠬᠤ ᠵᠢᠨ ᠴᠢᠬᠤᠯᠠ ᠰᠠᠭᠤᠷᠢ ᠴᠢᠨᠠᠷᠲᠠᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠣᠯᠤᠭᠰᠠᠨ᠎ᠤ ᠬᠤᠪᠢ᠎ᠳᠤ᠂ ᠪᠥᠬᠥ ᠨᠠᠮ᠎ᠤᠨ ᠭᠡᠰᠢᠭᠦᠨ᠎ᠤ ᠡᠷᠬᠡᠪᠰᠢ ᠵᠢᠷᠤᠮᠯᠠᠬᠤ ᠬᠡᠷᠡᠭᠲᠡᠶ ᠦᠢ᠍ᠯᠡ ᠠᠵᠢᠯᠯᠠᠭ᠋ᠠᠨ᠎ᠤ ᠪᠠᠷᠢᠮᠵᠢᠶ᠎ᠠ ᠮᠥᠨ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠦᠷᠢᠮ》᠎ᠢ ᠰᠤᠷᠤᠯᠴᠠᠨ ᠲᠤᠭᠤᠰᠢᠠᠯᠭᠤᠯᠬᠤ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠵᠠᠰᠠᠪᠤᠷᠢ ᠣᠷᠣᠭᠤᠯᠤᠭᠰᠠᠨ 《ᠳᠦᠷᠢᠮ》᠎ᠤᠨ ᠭᠣᠣᠯᠳᠠᠯᠭ᠎ᠠ᠎ᠲᠠᠢ ᠠᠭᠤᠯᠭ᠎ᠠ ᠪᠣᠯᠣᠨ ᠬᠦᠴᠦᠯᠡᠬᠦ ᠴᠢᠭᠯᠡᠯ᠎ᠢ ᠭᠦᠨᠵᠡᠭᠡᠢ ᠣᠢ᠌ᠯᠠᠭ᠋ᠠᠵᠤ᠂ ᠥᠪᠡᠷ᠎ᠢ᠎ᠪᠠᠨ ᠬᠢᠵᠠᠭ᠋ᠠᠷᠯᠠᠬᠤ ᠵᠢ ᠴᠢᠩᠭ᠋ᠠᠳᠬᠠᠵᠤ᠂ ᠦᠯᠦ ᠬᠠᠯᠳᠠᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠠᠵᠢᠯ ᠬᠢᠵᠦ ᠦᠢ᠍ᠯᠡᠰ ᠪᠣᠰᠬᠠᠬᠤ ᠴᠤᠭ ᠰᠦᠯᠳᠡ ᠵᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠪᠤᠯᠪᠠᠰᠤᠷᠠᠯ ᠡᠷᠬᠢᠯᠡᠪᠡ
 
             蒙ICP备05000248号