ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠮᠡᠷᠭᠡᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠎ᠠᠴᠠ ᠳᠠᠭ᠋ᠠᠭ᠋ᠠᠨ ᠡᠷᠬᠢᠯᠡᠭᠰᠡᠨ᠂ ᠪᠥᠬᠥ ᠣᠷᠣᠨ᠎ᠤ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠯᠲᠡ ᠵᠢᠨ ᠪᠣᠯᠪᠠᠰᠤᠷᠠᠯ᠎ᠤᠨ ᠠᠩᠭᠢ ᠵᠢ 2024 ᠣᠨ᠎ᠤ 6 ᠰᠠᠷ᠎ᠠ ᠵᠢᠨ 4᠎ᠤ ᠡᠳᠦᠷ᠎ᠠᠴᠠ 6 ᠰᠠᠷ᠎ᠠ ᠵᠢᠨ 7᠎ᠤ ᠡᠳᠦᠷ ᠪᠣᠯᠲᠠᠯ᠎ᠠ ᠮᠠᠨᠵᠤᠤᠷ᠎ᠲᠤ ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ ᠠᠮᠵᠢᠯᠲᠠ᠎ᠲᠠᠢ ᠡᠷᠭᠢᠯᠡᠪᠡ᠃ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠣᠯᠣᠨ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠡᠯ᠎ᠡ ᠬᠤᠪᠢᠶᠠᠷᠢ ᠥᠷᠲᠡᠭᠡ ᠵᠢᠨ 100 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠪᠠ᠃
ᠪᠣᠯᠪᠠᠰᠤᠷᠠᠯ᠎ᠤᠨ ᠠᠩᠭᠢ ᠡᠬᠢᠯᠡᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠠᠰᠤᠭ᠎ᠤᠨ ᠯᠢᠦ ᠲᠤᠤ ᠡᠷᠬᠢᠯᠡᠭᠴᠢ ᠨᠢᠳᠤᠨᠤᠨ᠎ᠤ ᠠᠵᠢᠯ ᠵᠶ᠋ᠠᠨ ᠳ᠋ᠦᠩᠨᠡᠵᠦ᠂ ᠡᠨᠡ ᠵᠢᠯ᠎ᠤᠨ ᠠᠵᠢᠯ᠎ᠳᠤ ᠪᠠᠢ᠌ᠷᠢᠯᠠᠭᠤᠯᠤᠯᠲᠠ ᠬᠢᠵᠦ᠂ ᠤᠯᠠᠨ ᠵᠶ᠋ᠠᠷ ᠵᠶ᠋ᠠᠨ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠵᠢᠯ ᠪᠦᠷᠢ ᠵᠢᠨ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠬᠡᠮᠵᠢᠯᠲᠡ ᠵᠢᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠦᠭᠰᠡᠨ᠎ᠢ ᠭᠦᠢ᠍ᠴᠡᠳ ᠨᠤᠲᠠᠯᠠᠪᠠ᠃ ᠡᠯ᠎ᠡ ᠨᠢᠭᠡᠴᠢ ᠵᠢᠨ᠎ᠬᠢᠨ ᠬᠥᠳᠡᠭᠡ ᠲᠣᠰᠬᠤᠨ᠎ᠤ ᠬᠢᠨᠠᠨ ᠬᠡᠮᠵᠢᠯᠲᠡ ᠵᠢ ᠰᠠᠶ᠋ᠢᠲᠤᠷ ᠬᠢᠬᠦ ᠬᠠᠷᠢᠭᠤᠴᠠᠯᠭ᠎ᠠ ᠵᠢ ᠭᠦᠢ᠍ᠴᠡᠳ ᠲᠠᠨᠢᠵᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠪᠣᠯᠪᠠᠰᠤᠷᠠᠯ ᠵᠶ᠋ᠠᠷ ᠳᠠᠮᠵᠢᠨ ᠳᠤᠲᠠᠭᠤᠳᠠᠯ ᠵᠶ᠋ᠠᠨ ᠨᠥᠬᠥᠪᠦᠷᠢᠯᠡᠵᠦ᠂ ᠡᠨᠡ ᠵᠢᠯ᠎ᠤᠨ ᠠᠵᠢᠯ᠎ᠤᠨ ᠡᠭᠦᠷᠭᠡ᠎ᠪᠠᠨ ᠴᠢᠨᠠᠷ ᠴᠢᠨᠰᠠᠭ᠎ᠠ ᠵᠢ ᠪᠠᠲᠤᠯᠠᠨ ᠪᠡᠶᠡᠯᠡᠭᠦᠯᠵᠦ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠢ ᠪᠦᠲᠦᠭᠡᠨ ᠪᠠᠢ᠌ᠭᠤᠯᠬᠤ᠎ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
ᠲᠣᠰ ᠤᠳᠠᠭ᠋ᠠᠨ᠎ᠤ ᠪᠣᠯᠪᠠᠰᠤᠷᠠᠯ᠎ᠤᠨ ᠠᠭᠤᠯᠭ᠎ᠠ᠎ᠨᠢ ᠡᠯᠪᠡᠭ ᠪᠠᠶᠠᠯᠢᠭ ᠪᠥᠭᠡᠳ ᠲᠤᠢ᠌ᠯ᠎ᠤᠨ ᠶᠡᠬᠡ ᠬᠠᠨᠳᠤᠯᠭ᠋ᠠᠲᠤ ᠴᠢᠨᠠᠷᠲᠠᠢ ᠪᠠᠢ᠌ᠵᠤ᠂ ᠬᠥᠳᠡᠭᠡ ᠲᠣᠰᠬᠤᠨ᠎ᠤ ᠬᠢᠨᠠᠨ ᠬᠡᠮᠵᠢᠯᠲᠡ ᠵᠢᠨ ᠤᠯᠠᠨ ᠲᠠᠯ᠎ᠠ ᠵᠢᠨ ᠴᠢᠬᠤᠯᠠ ᠭᠣᠣᠯᠳᠠᠯᠭ᠎ᠠ ᠵᠢ ᠬᠠᠮᠤᠷᠤᠭᠰᠠᠨ ᠪᠠᠢ᠌ᠨ᠎ᠠ᠃ ᠡᠭᠦᠨ᠎ᠳᠤ ᠨᠠᠷᠢᠨ ᠨᠢᠭᠲᠠ ᠬᠢᠨᠠᠨ ᠬᠡᠮᠵᠢᠬᠦ ᠲᠥᠰᠥᠯ᠎ᠤᠨ ᠲᠠᠢ᠌ᠯᠤᠮᠵᠢ ᠵᠢ ᠪᠠᠭᠲᠠᠭ᠋ᠠᠵᠤ᠂ ᠬᠢᠨᠠᠨ ᠬᠡᠮᠵᠢᠬᠦ ᠠᠵᠢᠯ᠎ᠤᠨ ᠰᠢᠨᠵᠢᠯᠡᠬᠦ ᠤᠬᠠᠭ᠋ᠠᠨᠴᠢ᠂ ᠡᠮᠬᠢ ᠵᠢᠷᠤᠮ᠎ᠲᠠᠢ᠎ᠪᠠᠷ ᠥᠷᠨᠢᠬᠦ ᠵᠢ ᠦᠨᠡᠨ ᠬᠦ᠌ ᠪᠠᠲᠤᠯᠠᠪᠠ; ᠶᠠᠰᠤ ᠴᠢᠨᠠᠷ᠎ᠤᠨ ᠡᠵᠡᠮᠳᠡᠯ᠎ᠤᠨ ᠱᠠᠭ᠋ᠠᠷᠳᠠᠯᠭ᠎ᠠ ᠵᠢ ᠲᠣᠳᠣᠷᠬᠠᠢ ᠲᠣᠭᠲᠠᠭ᠋ᠠᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠪᠠ ᠨᠠᠶ᠋ᠢᠳᠠᠪᠤᠷᠢᠲᠤ ᠴᠢᠨᠠᠷ᠎ᠲᠤ ᠬᠦᠴᠦᠲᠡᠢ ᠪᠠᠲᠤᠯᠠᠭ᠎ᠠ ᠬᠠᠩᠭ᠋ᠠᠪᠠ; ᠲᠤᠰᠬᠠᠢ ᠮᠡᠷᠭᠡᠵᠢᠯ᠎ᠤᠨ ᠱᠠᠭ᠋ᠠᠷᠳᠠᠯᠭ᠎ᠠ᠎ᠪᠠᠷ ᠵᠢᠭ᠋ᠠᠨ ᠵᠢᠯᠤᠭᠣᠳᠴᠤ᠂ ᠪᠣᠳᠠᠲᠠᠢ ᠠᠵᠢᠯᠯᠠᠬᠤ ᠴᠢᠳᠠᠪᠤᠷᠢ᠎ᠪᠠᠨ ᠳᠡᠭᠡᠭᠰᠢᠯᠡᠭᠦᠯᠪᠡ᠃ ᠡᠭᠦᠨ᠎ᠤ ᠬᠠᠮᠲᠤ ᠪᠠᠰᠠ ᠲᠠᠷᠢᠶᠠᠯᠠᠩ᠎ᠤᠨ ᠰᠠᠯᠠᠭ᠎ᠠ ᠮᠥᠴᠢᠷ᠎ᠤᠨ ᠥᠷᠨᠢᠭᠦᠯᠦᠭᠰᠡᠨ ᠬᠣᠯᠪᠣᠭᠳᠠᠯ ᠪᠦᠬᠦᠢ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠤᠨ ᠠᠵᠢᠯ᠎ᠤᠨ ᠲᠠᠨᠢᠯᠴᠠᠭᠤᠯᠭ᠎ᠠ᠎ᠲᠠᠢ ᠬᠣᠯᠪᠣᠭᠳᠠᠵᠤ᠂ ᠰᠤᠷᠤᠯᠭ᠋ᠠᠲᠠᠳ᠎ᠲᠤ ᠬᠥᠳᠡᠭᠡ ᠲᠣᠰᠬᠤᠨ᠎ᠤ ᠠᠵᠢᠯ᠎ᠤᠨ ᠪᠦᠬᠦᠯᠢ ᠴᠣᠭᠴᠠ ᠵᠢᠨ ᠪᠠᠶ᠋ᠢᠳᠠᠯ᠎ᠢ ᠨᠡᠩ ᠪᠦᠬᠦ ᠲᠠᠯ᠎ᠠ᠎ᠪᠠᠷ ᠣᠢ᠌ᠯᠠᠭ᠋ᠠᠭᠤᠯᠪᠠ᠃ ᠤᠰᠤᠯᠠᠯᠲᠠ ᠵᠢᠨ ᠣᠷᠣᠨ᠎ᠤ ᠤᠰᠤᠯᠠᠬᠤ ᠤᠰᠤ ᠵᠠᠯᠠᠬᠤ ᠪᠠᠶ᠋ᠢᠳᠠᠯ᠎ᠳᠤ ᠲᠠᠢ᠌ᠯᠤᠮᠵᠢ ᠬᠢᠭᠰᠡᠨ ᠪᠥᠭᠡᠳ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢ ᠬᠢᠨᠠᠨ ᠬᠡᠮᠵᠢᠵᠦ ᠦᠨᠡᠯᠡᠨ ᠵᠢᠱ᠌ᠢᠬᠦ᠎ᠳᠤ ᠭᠠᠵᠠᠷ ᠳᠡᠭᠡᠷᠡᠬᠢ ᠬᠢᠨᠠᠨ ᠬᠡᠮᠵᠢᠯᠲᠡ ᠪᠠ ᠬᠡᠭᠡᠷ᠎ᠡ ᠵᠢᠨ ᠰᠢᠨᠵᠢᠯᠡᠡᠨ ᠪᠠᠢ᠌ᠴᠠᠭ᠋ᠠᠯᠲᠠ ᠵᠡᠷᠭᠡ ᠵᠢ ᠪᠠᠭᠲᠠᠭ᠋ᠠᠭᠰᠠᠨ ᠵᠠᠩᠭᠢᠯᠠᠭ᠎ᠠ ᠵᠢᠨ ᠠᠭᠤᠯᠭ᠎ᠠ᠎ᠳᠤ ᠭᠦᠨᠵᠡᠭᠡᠢ ᠵᠠᠳᠠᠯᠤᠯᠲᠠ ᠬᠢᠭᠰᠡᠨ ᠪᠠᠢ᠌ᠨ᠎ᠠ᠃ ᠡᠭᠦᠨ᠎ᠠᠴᠠ ᠭᠠᠳᠠᠨ᠎ᠠ᠂ ᠪᠣᠯᠪᠠᠰᠤᠷᠠᠯ᠎ᠤᠨ ᠠᠩᠭᠢ ᠪᠠᠰᠠ ᠬᠥᠳᠡᠭᠡ ᠲᠣᠰᠬᠤᠨ᠎ᠤ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠬᠠᠮᠠᠭ᠋ᠠᠯᠠᠯᠲᠠ ᠵᠢᠨ ᠲᠥᠷᠥ ᠵᠢᠨ ᠪᠣᠳᠣᠯᠭ᠎ᠠ ᠪᠠ ᠲᠠᠷᠢᠶᠠᠯᠠᠩ᠎ᠤᠨ ᠣᠷᠴᠢᠨ ᠠᠬᠤᠢ ᠵᠢᠨ ᠬᠢᠨᠠᠨ ᠬᠡᠮᠵᠢᠯᠲᠡ ᠵᠢᠨ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠤᠨ ᠵᠢᠯᠤᠭᠣᠳᠬᠤ ᠰᠢᠰᠲ᠋ᠧᠮ᠎ᠢ ᠭᠣᠣᠯᠳᠠᠯᠭ᠎ᠠ᠎ᠲᠠᠢ ᠲᠠᠢ᠌ᠯᠪᠤᠷᠢᠯᠠᠵᠤ᠂ ᠰᠤᠷᠤᠭᠴᠢᠳ᠎ᠤᠨ ᠤᠰᠤᠨ ᠰᠤᠷᠪᠤᠯᠵᠢ ᠵᠢᠨ ᠭᠠᠵᠠᠷ᠎ᠤᠨ ᠬᠠᠮᠠᠭ᠋ᠠᠯᠠᠯᠲᠠ ᠵᠢᠨ ᠲᠤᠬᠠᠢ ᠲᠠᠨᠢᠯᠲᠠ ᠪᠠ ᠲᠤᠬᠠᠢ᠌ᠯᠠᠭᠰᠠᠨ ᠠᠵᠢᠯ᠎ᠤᠨ ᠰᠢᠢ᠍ᠳᠪᠦᠷᠢᠯᠡᠬᠦ ᠴᠢᠳᠠᠪᠤᠷᠢ ᠵᠢ ᠴᠢᠩᠭ᠋ᠠᠳᠬᠠᠪᠠ᠃
ᠲᠣᠰ ᠤᠳᠠᠭ᠋ᠠᠨ᠎ᠤ ᠪᠣᠯᠪᠠᠰᠤᠷᠠᠯ ᠵᠶ᠋ᠠᠷ ᠳᠡᠮᠵᠢᠨ᠂ ᠡᠯ᠎ᠡ ᠠᠶ᠋ᠢᠮᠠᠭ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠴᠢ ᠡᠯ᠎ᠡ ᠬᠤᠪᠢᠶᠠᠷᠢ ᠥᠷᠲᠡᠭᠡ ᠵᠢᠨ ᠠᠵᠢᠯᠲᠠᠳ ᠲᠤᠰᠬᠠᠢ ᠮᠡᠷᠭᠡᠵᠢᠯ᠎ᠤᠨ ᠪᠣᠯᠪᠠᠰᠤᠷᠠᠯ ᠪᠠ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ ᠵᠶ᠋ᠡᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠠᠵᠢᠯ᠎ᠢ ᠨᠠᠩ ᠰᠠᠶ᠋ᠢᠨ ᠠᠬᠢᠭᠤᠯᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠭᠦᠭᠰᠡᠨ ᠪᠥᠭᠡᠳ ᠬᠥᠳᠡᠭᠡ ᠲᠣᠰᠬᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ ᠵᠢ ᠬᠦᠴᠦᠲᠡᠢ ᠠᠬᠢᠭᠤᠯᠠᠪᠠ᠃