ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠬᠦᠨᠵᠡᠬᠡᠷᠡᠬᠦᠯᠵᠦ᠂ ᠰᠠᠭᠤᠷᠢ ᠰᠤᠳᠤᠯᠭ᠋ᠠᠨ᠎ᠤ ᠬᠦᠷᠢᠶ᠎ᠡ᠂ ᠰᠣᠯᠪᠢᠴᠠᠯ ᠬᠣᠰᠢᠭᠤᠷᠠᠯ ᠬᠦᠷᠢᠶ᠎ᠡ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠪᠠᠷᠠᠭ᠋ᠠᠯᠬᠢᠯᠠᠯ᠎ᠤᠨ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ ᠪᠠᠢ᠌ᠷᠢᠰᠢᠭᠤᠯᠤᠯᠲᠠ ᠵᠢ ᠴᠢᠩᠭ᠋ᠠᠳᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ (ᠳᠣᠷᠣᠭᠰᠢ ᠥᠪᠥᠷ ᠮᠣᠩᠭᠣᠯ᠎ᠤᠨ ᠥᠷᠲᠡᠭᠡ ᠭᠡᠵᠦ ᠲᠣᠪᠴᠢᠯᠠᠨ᠎ᠠ) ᠣᠢ᠌ᠷ᠎ᠠ᠎ᠳᠤ 《ᠥᠪᠥᠷ ᠮᠣᠩᠭᠣᠯ᠎ᠤᠨ ᠨᠠᠭᠤᠷ ᠴᠥᠭᠥᠷᠥᠮ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠨᠡᠯᠡᠬᠦ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ ᠵᠢᠴᠢ ᠬᠡᠷᠡᠭᠯᠡᠭᠡᠨ᠎ᠤ ᠵᠢᠱ᠌ᠢᠶ᠎ᠡ ᠦᠵᠡᠭᠦᠯᠬᠦ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ) ᠵᠢ ᠡᠬᠢᠯᠡᠭᠦᠯᠬᠦ ᠬᠤᠷᠠᠯ ᠬᠤᠷᠠᠯᠳᠤᠭᠤᠯᠪᠠ᠃
ᠲᠣᠰ ᠭᠣᠣᠯᠳᠠᠯᠭ᠎ᠠ᠎ᠲᠠᠢ ᠲᠥᠷᠥᠯ ᠵᠦᠢ᠍ᠯ᠎ᠳᠤ ᠥᠪᠥᠷ ᠮᠣᠩᠭᠣᠯ ᠥᠷᠲᠡᠭᠡ ᠵᠢᠨ ᠲᠤᠷᠰᠢᠯᠲᠠ ᠵᠢᠨ ᠲᠥᠪ᠎ᠤᠨ ᠳ᠋ᠣᠺᠲ᠋ᠣᠷ ᠵᠠᠩ ᠢ 《ᠬᠥᠯᠥᠨ ᠨᠠᠭᠤᠷ ᠤᠯᠢᠶᠠᠨᠰᠤᠬᠠᠢ ᠨᠠᠭᠤᠷ ᠳᠠᠭ᠎ᠠ ᠵᠢᠨ ᠨᠠᠭᠤᠷ》᠎ᠤᠨ 5 ᠵᠢᠯ᠎ᠤᠨ ᠬᠢᠨᠠᠨ ᠬᠡᠮᠵᠢᠯᠲᠡ ᠵᠢᠨ ᠦᠢ᠍ᠯᠡᠳᠦᠯᠭᠡ ᠵᠢ ᠰᠦᠪᠡᠭᠴᠢᠯᠡᠨ ᠳ᠋ᠦᠩᠨᠡᠬᠦ᠎ᠪᠠᠷ ᠳᠡᠮᠵᠢᠨ ᠰᠤᠳᠤᠯᠭ᠋ᠠᠨ᠎ᠤ ᠴᠢᠭᠯᠡᠯ᠎ᠢ ᠡᠷᠢᠵᠦ ᠣᠯᠣᠭᠰᠠᠨ ᠪᠠᠢ᠌ᠨ᠎ᠠ᠂ ᠡᠭᠦᠨ᠎ᠤ ᠵᠣᠷᠢᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠨᠠᠭᠤᠷ ᠴᠥᠭᠥᠷᠥᠮ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠵᠦ ᠵᠠᠳᠠᠯᠬᠤ᠎ᠪᠠᠷ ᠳᠡᠮᠵᠢᠨ᠂ ᠤᠰᠤᠨ᠎ᠤ ᠠᠮᠢ ᠠᠬᠤᠢ ᠵᠢᠨ ᠰᠠᠭᠤᠷᠢ ᠪᠠᠷᠢᠮᠵᠢᠶ᠎ᠠ ᠵᠢ ᠦᠨᠡᠯᠡᠬᠦ ᠮᠡᠷᠭᠡᠵᠢᠯ ᠪᠠ ᠶᠡᠷᠦᠩᠬᠡᠢ᠌ᠯᠡᠨ ᠦᠨᠡᠯᠡᠬᠦ ᠵᠠᠭᠪᠤᠷ᠎ᠢ ᠪᠠᠢ᠌ᠭᠤᠯᠵᠤ᠂ 《ᠭᠤᠷᠪᠠᠨ ᠤᠰᠤ ᠵᠢ ᠨᠢᠭᠡᠳᠦᠯᠲᠡᠢ ᠲᠥᠯᠥᠪᠯᠡᠬᠦ》 ᠨᠠᠭᠤᠷ ᠴᠥᠭᠥᠷᠥᠮ᠎ᠢ ᠬᠢᠨᠠᠨ ᠬᠡᠮᠵᠢᠵᠦ ᠦᠨᠡᠯᠡᠬᠦ ᠮᠡᠷᠭᠡᠵᠢᠯ᠎ᠤᠨ ᠰᠢᠰᠲ᠋ᠧᠮ᠎ᠢ ᠪᠦᠷᠢᠯᠳᠦᠭᠦᠯᠬᠦ ᠵᠢᠨ ᠲᠥᠯᠥᠭᠡ ᠶᠤᠮ᠃ ᠲᠣᠰ ᠲᠥᠷᠥᠯ ᠵᠦᠢ᠍ᠯ᠎ᠢ ᠥᠪᠥᠷ ᠮᠣᠩᠭᠣᠯ ᠥᠷᠲᠡᠭᠡ᠎ᠪᠠᠷ ᠲᠦᠷᠦᠭᠦᠯᠡᠭᠦᠯᠦᠨ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ (ᠳᠣᠷᠣᠭᠰᠢ ᠤᠯᠤᠰ᠎ᠤᠨ ᠥᠷᠲᠡᠭᠡ ᠭᠡᠵᠦ ᠲᠣᠪᠴᠢᠯᠠᠨ᠎ᠠ) ᠵᠢᠴᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠨᠵᠢᠩ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ (ᠳᠣᠷᠣᠭᠰᠢ ᠨᠠᠨᠵᠢᠩ᠎ᠤᠨ ᠭᠠᠵᠠᠷ ᠭᠡᠵᠦ ᠲᠣᠪᠴᠢᠯᠠᠨ᠎ᠠ) ᠬᠠᠮᠲᠤᠷᠠᠨ ᠡᠭᠦᠷᠭᠡᠯᠡᠨ᠎ᠡ᠃ ᠥᠪᠥᠷ ᠮᠣᠩᠭᠣᠯ᠎ᠤᠨ ᠥᠷᠲᠡᠭᠡ᠎ᠠᠴᠠ ᠲᠥᠷᠥᠯ ᠵᠦᠢ᠍ᠯ᠎ᠤᠨ ᠪᠦᠬᠦᠯᠢ ᠴᠣᠭᠴᠠ ᠵᠢᠨ ᠲᠥᠰᠥᠪᠯᠡᠯ᠎ᠢ ᠲᠠᠨᠢᠯᠴᠠᠭᠤᠯᠵᠤ᠂ ᠤᠯᠤᠰ᠎ᠤᠨ ᠥᠷᠲᠡᠭᠡ ᠬᠢᠭᠡᠳ ᠨᠠᠨᠵᠢᠩ᠎ᠤᠨ ᠰᠤᠳᠤᠯᠭ᠋ᠠᠨ᠎ᠤ ᠭᠠᠵᠠᠷ᠎ᠤᠨ ᠬᠠᠷᠢᠭᠤᠴᠠᠯᠭ᠋ᠠᠲᠠᠨ ᠲᠣᠰ ᠲᠣᠰ᠎ᠤᠨ ᠬᠠᠷᠢᠭᠤᠴᠠᠵᠤ ᠪᠠᠢ᠌ᠭ᠎ᠠ ᠰᠤᠳᠤᠯᠭ᠋ᠠᠨ᠎ᠤ ᠴᠢᠭᠯᠡᠯ᠂ ᠰᠤᠳᠤᠯᠭ᠋ᠠᠨ᠎ᠤ ᠠᠬᠤᠢ ᠪᠠᠶ᠋ᠢᠳᠠᠯ᠂ ᠮᠡᠷᠭᠡᠵᠢᠯ᠎ᠤᠨ ᠱᠤᠭᠤᠮ᠂ ᠠᠬᠢᠴᠠ ᠵᠢᠨ ᠲᠣᠬᠢᠷᠠᠭᠤᠯᠤᠯᠲᠠ ᠵᠢᠴᠢ ᠵᠢᠱ᠌ᠢᠭᠰᠡᠨ ᠦᠷ᠎ᠡ ᠪᠦᠲᠦᠭᠡᠯ ᠵᠡᠷᠭᠡ ᠲᠠᠯ᠎ᠠ᠎ᠳᠤ ᠴᠢᠭᠯᠡᠭᠦᠯᠦᠨ ᠨᠠᠷᠢᠨ ᠪᠣᠳᠠᠲᠠᠢ ᠬᠠᠷᠢᠭᠤ ᠮᠡᠳᠡᠭᠦᠯᠦᠯᠲᠡ ᠬᠢᠵᠡᠢ᠃
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢᠨᠵᠢᠯᠡᠬᠦ ᠤᠬᠠᠭ᠋ᠠᠨ ᠲᠡᠭᠨᠢᠭ ᠮᠡᠷᠭᠡᠵᠢᠯ᠎ᠤᠨ ᠭᠠᠵᠠᠷ᠎ᠤᠨ ᠳᠠᠷᠤᠭ᠎ᠠ ᠴᠧᠨ ᠳ᠋ᠡ ᠯᠢᠩ᠂ ᠲᠤᠰ ᠳᠦᠷᠦᠯ ᠵᠦᠢ᠍ᠯ᠎ᠤᠨ ᠪᠦᠷᠢᠯᠳᠦᠭᠰᠡᠨ ᠶᠡᠷᠦᠩᠬᠡᠢ᠌ᠯᠡᠭᠰᠡᠨ ᠦᠨᠡᠯᠡᠯᠲᠡ ᠵᠢᠨ ᠦᠷ᠎ᠡ ᠳ᠋ᠦᠩ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠰᠢᠭᠤᠳ ᠦᠢ᠍ᠯᠡᠴᠢᠯᠡᠵᠦ᠂ ᠤᠰᠤᠨ᠎ᠤ ᠠᠮᠢ ᠠᠬᠤᠢ ᠵᠢᠨ ᠶᠡᠷᠦᠩᠬᠡᠢ᠌ᠯᠡᠭᠰᠡᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠴᠢᠬᠤᠯᠠ ᠦᠢ᠍ᠯᠡᠳᠦᠯ ᠦᠵᠡᠭᠦᠯᠵᠦ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃ ᠡᠨᠡᠬᠦ ᠵᠣᠷᠢᠯᠭ᠎ᠠ ᠵᠢ ᠬᠡᠷᠡᠭᠵᠢᠭᠦᠯᠪᠡᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠦᠴᠦ᠎ᠪᠠᠨ ᠬᠠᠮᠲᠤᠳᠬᠠᠨ ᠬᠠᠮᠲᠤᠷᠠᠯᠴᠠᠬᠤ ᠵᠢ ᠬᠦᠴᠦᠯᠡᠨ ᠴᠢᠩᠭ᠋ᠠᠳᠬᠠᠵᠤ᠂ ᠨᠠᠭᠤᠷ ᠲᠣᠭᠣᠷᠢᠮ᠎ᠤᠨ ᠰᠠᠪᠠ ᠭᠠᠵᠠᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠪᠠ ᠠᠮᠢ ᠠᠬᠤᠢ ᠵᠢ ᠶᠡᠷᠦᠩᠬᠡᠢ᠌ᠯᠡᠨ ᠵᠠᠰᠠᠬᠤ ᠵᠢ ᠠᠬᠢᠭᠤᠯᠬᠤ ᠵᠢᠨ ᠬᠠᠮᠲᠤ ᠤᠯᠤᠰ᠎ᠤᠨ ᠥᠷᠲᠡᠭᠡ᠂ ᠨᠠᠨᠵᠢᠩ᠎ᠤᠨ ᠭᠠᠵᠠᠷ᠎ᠯᠤᠭ᠎ᠠ ᠵᠢᠨ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠵᠢ ᠴᠢᠨᠠᠭᠰᠢᠳᠠ ᠭᠦᠨᠵᠡᠭᠡᠢ᠌ᠷᠡᠭᠦᠯᠵᠦ᠂ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠬᠠᠮᠲᠤ᠎ᠪᠠᠷ ᠪᠡᠬᠢᠵᠢᠭᠦᠯᠵᠦ ᠴᠢᠳᠠᠨ᠎ᠠ ᠭᠡᠪᠡ᠃
ᠳᠦᠷᠦᠯ ᠵᠦᠢ᠍ᠯ᠎ᠤᠨ ᠡᠷᠬᠢᠯᠡᠭᠴᠢ ᠲᠢᠶᠠᠨ ᠶᠦᠩ ᠯᠢ᠂ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠤᠰᠤᠨ᠎ᠤ ᠠᠮᠢ ᠠᠬᠤᠢ ᠵᠢᠨ ᠦᠨᠡᠯᠡᠯᠲᠡ ᠵᠢᠨ ᠮᠡᠷᠭᠡᠵᠢᠯ᠎ᠤᠨ ᠰᠢᠰᠲ᠋ᠧᠮ᠎ᠢ ᠰᠤᠳᠤᠯᠤᠨ ᠪᠠᠢ᠌ᠭᠤᠯᠵᠤ᠂ ᠶᠡᠷᠦᠩᠬᠡᠢ᠌ᠯᠡᠭᠰᠡᠨ ᠦᠨᠡᠯᠡᠯᠲᠡ ᠵᠢᠨ ᠵᠠᠩᠭᠢᠯᠠᠭ᠎ᠠ ᠵᠢᠨ ᠮᠡᠷᠭᠡᠵᠢᠯ᠎ᠢ ᠲᠣᠭᠲᠠᠭ᠋ᠠᠬᠤ᠎ᠨᠢ ᠤᠰᠤᠨ᠎ᠤ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ᠎ᠢ ᠪᠠᠲᠤᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠠᠢ᠌ᠵᠤ᠂ ᠤᠰᠤᠨ᠎ᠤ ᠠᠮᠢ ᠠᠬᠤᠢ ᠵᠢᠨ ᠠᠰᠠᠭᠤᠳᠠᠯ᠎ᠢ ᠪᠦᠲᠦᠮᠵᠢᠲᠡᠢ ᠢᠯᠭ᠋ᠠᠨ ᠲᠠᠨᠢᠬᠤ ᠵᠢ ᠪᠡᠶᠡᠯᠡᠭᠦᠯᠵᠦ᠂ ᠨᠠᠭᠤᠷ ᠲᠣᠭᠣᠷᠢᠮ᠎ᠤᠨ ᠰᠢᠰᠲ᠋ᠧᠮ᠎ᠤᠨ ᠬᠠᠮᠠᠭ᠋ᠠᠯᠠᠯᠲᠠ ᠪᠣᠯᠣᠨ ᠰᠡᠷᠭᠦᠭᠡᠯᠲᠡ᠎ᠳᠤ ᠲᠤᠯᠭ᠋ᠠᠭᠤᠷᠢᠯᠠᠵᠤ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠠᠰᠢᠭᠲᠠᠢ ᠶᠤᠮ᠃ ᠡᠭᠦᠨ᠎ᠠᠴᠠ ᠭᠠᠳᠠᠨ᠎ᠠ᠂ ᠲᠣᠰ ᠵᠣᠷᠢᠯᠭ᠎ᠠ ᠵᠢ ᠬᠡᠷᠡᠭᠵᠢᠭᠦᠯᠬᠦ᠎ᠪᠠᠷ ᠳᠡᠮᠵᠢᠨ᠂ ᠥᠪᠥᠷ ᠮᠣᠩᠭᠣᠯ᠎ᠤᠨ ᠥᠷᠲᠡᠭᠡ ᠬᠢᠭᠡᠳ ᠤᠯᠤᠰ᠎ᠤᠨ ᠥᠷᠲᠡᠭᠡ᠂ ᠨᠠᠨᠵᠢᠩ᠎ᠤᠨ ᠰᠤᠳᠤᠯᠭ᠋ᠠᠨ᠎ᠤ ᠭᠠᠵᠠᠷ ᠵᠡᠷᠭᠡ 《ᠤᠯᠤᠰ᠎ᠤᠨ ᠠᠩᠭᠢ》 ᠵᠢᠨ ᠭᠦᠨᠵᠡᠭᠡᠢ ᠬᠠᠮᠲᠤᠷᠠᠯᠴᠠᠭ᠎ᠠ ᠵᠢ ᠠᠬᠢᠭᠤᠯᠵᠤ᠂ ᠥᠪᠥᠷ ᠮᠣᠩᠭᠣᠯ᠎ᠤᠨ ᠥᠷᠲᠡᠭᠡ ᠵᠢᠨ ᠰᠢᠰᠲ᠋ᠧᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠪᠠ ᠬᠡᠷᠡᠭᠯᠡᠭᠡᠨ᠎ᠤ ᠬᠢᠷᠢ ᠲᠦᠪᠰᠢᠨ᠎ᠢ ᠬᠦᠴᠦᠲᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ᠎ᠳᠤ ᠰᠠᠭᠤᠷᠢ ᠲᠠᠯᠪᠢᠵᠤ ᠪᠣᠯᠣᠨ᠎ᠠ᠃