ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》᠎ᠤᠨ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-05-09

      ᠮᠠᠨ᠎ᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ ᠴᠠᠭ᠋ᠠᠵᠠ ᠵᠢᠨ ᠳᠦᠷᠢᠮ᠎ᠤᠨ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠮᠲᠤᠷᠠᠭᠰᠠᠨ ᠪᠠᠢ᠌ᠴᠠᠭ᠋ᠠᠨ ᠰᠤᠳᠤᠯᠬᠤ ᠳᠤᠭᠤᠢ᠌ᠯᠠᠩ ᠪᠠᠢ᠌ᠭᠤᠯᠵᠤ᠂ ᠱᠠᠩᠬᠠᠢ ᠬᠣᠲᠠ᠂ ᠵᠢᠶᠠᠩᠰᠤ ᠮᠤᠵᠢ᠂ ᠪᠤᠭᠤᠲᠤ ᠬᠣᠲᠠ᠂ ᠣᠷᠳᠣᠰ ᠬᠣᠲᠠ᠎ᠳᠤ ᠬᠦᠷᠴᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》᠎ᠤᠨ ᠲᠤᠬᠠᠢ ᠬᠠᠤᠯᠢ ᠲᠣᠭᠲᠠᠭ᠋ᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠪᠡ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠲᠤᠬᠠᠢ ᠵᠢᠨ ᠲᠠᠯᠠᠪᠤᠷ᠎ᠲᠤ ᠶᠠᠷᠢᠯᠴᠠᠬᠤ᠂ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠣᠷᠣᠨ᠎ᠤ ᠳᠣᠲᠣᠷ᠎ᠠ ᠭᠠᠳᠠᠨᠠᠬᠢ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠬᠠᠮᠢᠶ᠎ᠠ ᠪᠦᠬᠦᠢ ᠪᠠᠢ᠌ᠳᠠᠯ᠂ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠦᠷᠦ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠢᠴᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ ᠪᠤᠶᠤ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠤᠭᠰᠠᠨ ᠪᠠᠢ᠌ᠳᠠᠯ᠂ ᠵᠢᠴᠢ ᠨᠡᠢ᠌ᠭᠡᠮ᠎ᠤᠨ ᠠᠮᠢᠳᠤᠷᠠᠯ᠂ ᠪᠠᠷᠢᠯᠭ᠎ᠠ ᠵᠢᠨ ᠠᠵᠢᠯ᠂ ᠵᠠᠮ ᠲᠡᠭᠡᠭᠡᠪᠦᠷᠢ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠵᠡᠷᠭᠡ ᠳᠠᠭᠤ ᠱᠤᠤᠭᠢᠶᠠᠨ᠎ᠢ ᠵᠠᠰᠠᠬᠤ ᠪᠠ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠣᠷᠣᠰᠢᠵᠤ ᠪᠠᠢ᠌ᠭ᠎ᠠ ᠭᠣᠣᠯ ᠠᠰᠠᠭᠤᠳᠠᠯ᠂ ᠰᠢᠯᠲᠠᠭ᠋ᠠᠨ ᠬᠢᠭᠡᠳ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠡᠷᠭᠡ ᠵᠢ ᠭᠦᠨᠵᠡᠭᠡᠢ ᠣᠢ᠌ᠯᠠᠭ᠋ᠠᠪᠠ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠱᠠᠩᠬᠠᠢ ᠬᠣᠲᠠ ᠵᠢᠨ ᠠᠮᠢ ᠠᠬᠤᠢ ᠣᠷᠴᠢᠨ ᠠᠬᠤᠢ ᠵᠢᠨ ᠲᠣᠪᠴᠢᠶ᠎ᠠ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ
      ᠲᠤᠬᠠᠢ ᠵᠢᠨ ᠲᠠᠯᠠᠪᠤᠷ᠎ᠲᠤ ᠪᠤᠭᠤᠲᠤ ᠬᠣᠲᠠ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠤ ᠠᠦ᠋ᠲ᠋ᠣ᠋ ᠬᠢᠨᠠᠨ ᠬᠡᠮᠵᠢᠬᠦ ᠥᠷᠲᠡᠭᠡ ᠴᠡᠭ᠎ᠤᠨ ᠠᠵᠢᠯᠯᠠᠭ᠋ᠠᠨ᠎ᠤ ᠪᠠᠢ᠌ᠳᠠᠯ᠎ᠢ ᠪᠠᠢ᠌ᠴᠠᠭ᠋ᠠᠨ ᠰᠤᠳᠤᠯᠪᠠ
      ᠪᠠᠢ᠌ᠴᠠᠭ᠋ᠠᠨ ᠰᠤᠳᠤᠯᠤᠯᠲᠠ᠎ᠪᠠᠷ ᠲᠠᠮᠵᠢᠨ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠤᠰᠤᠳ ᠮᠤᠵᠢ ᠬᠣᠲᠠ ᠵᠢᠨ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ ᠵᠢᠴᠢ ᠬᠠᠤᠯᠢ ᠲᠣᠭᠲᠠᠭ᠋ᠠᠬᠤ ᠠᠵᠢᠯ᠎ᠤᠨ ᠲᠡᠷᠢᠭᠦᠨ᠎ᠤ ᠲᠤᠷᠰᠢᠯᠭ᠎ᠠ ᠵᠢ ᠰᠣᠷᠣᠯᠴᠠᠵᠤ᠂ ᠮᠠᠨ᠎ᠤ ᠣᠷᠣᠨ᠎ᠤ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠣᠷᠣᠰᠢᠵᠤ ᠪᠠᠢ᠌ᠭ᠎ᠠ ᠨᠡᠢ᠌ᠳᠡᠮ᠎ᠤᠨ ᠠᠰᠠᠭᠤᠳᠠᠯ ᠪᠠ ᠠᠵᠢᠯ᠎ᠤᠨ ᠳᠤᠲᠠᠭᠤᠳᠠᠯ᠎ᠢ ᠣᠢ᠌ᠯᠠᠭ᠋ᠠᠪᠠ᠃ ᠲᠠᠷᠠᠭ᠋ᠠᠴᠢ ᠵᠢᠨ ᠠᠯᠬᠤᠮ᠎ᠳᠤ ᠬᠠᠤᠯᠢ ᠲᠣᠭᠲᠠᠭ᠋ᠠᠯᠲᠠ ᠵᠢᠨ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ᠎ᠤᠨ ᠬᠠᠮᠢᠶ᠎ᠠ ᠪᠦᠬᠦᠢ ᠵᠦᠢ᠍ᠯ ᠵᠤᠷᠪᠤᠰ᠎ᠢ ᠴᠠᠭ ᠲᠤᠬᠠᠢ᠎ᠳᠤᠨᠢ ᠵᠠᠰᠠᠨ ᠲᠡᠭᠦᠯᠳᠡᠷᠵᠢᠭᠦᠯᠵᠦ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠬᠠᠮᠢᠶᠠᠷᠤᠯᠲᠠ ᠵᠢᠨ ᠬᠦᠴᠢᠷᠳᠡᠯ᠂ ᠪᠠᠴᠢᠮ ᠰᠢᠢ᠍ᠳᠪᠦᠷᠢᠯᠡᠬᠦ ᠴᠢᠬᠤᠯᠠᠲᠠᠢ ᠭᠣᠣᠯᠳᠠᠯᠭ᠎ᠠ᠂ ᠠᠷᠠᠳ ᠣᠯᠠᠨ᠎ᠤ ᠠᠩᠬᠠᠷᠤᠯ ᠲᠠᠯᠪᠢᠵᠤ ᠪᠠᠢ᠌ᠭ᠎ᠠ ᠬᠠᠯᠠᠮᠰᠢᠯ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠯ᠎ᠡ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠨ᠂ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ᠎ᠤᠨ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠢ᠌ᠴᠠ ᠴᠢᠨᠠᠷ᠎ᠢ ᠴᠢᠩᠭ᠋ᠠᠷᠠᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠲᠤᠰᠬᠠᠢ ᠬᠥᠮᠥᠨ ᠲᠣᠮᠢᠯᠠᠨ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠬᠢᠭᠡᠳ ᠨᠠᠭᠦᠷᠡᠰᠦᠲᠦ᠋ᠷᠦᠭᠴᠢ ᠵᠢᠨ ᠮᠥᠩᠭᠥᠨ ᠭᠦᠢ᠍ᠯᠭᠡᠭᠡᠨ᠎ᠤ ᠲᠤᠰᠬᠠᠢ ᠰᠡᠳᠦᠪᠲᠦ ᠪᠤᠯᠪᠠᠰᠤᠷᠠᠯ᠎ᠳᠤ ᠣᠷᠣᠯᠴᠠᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠥᠪᠯᠡᠷᠡᠭᠦᠯᠦᠨ ᠨᠣᠮ ᠤᠩᠰᠢᠵᠤ ᠰᠤᠷᠤᠯᠴᠠᠬᠤ ᠬᠤᠷᠠᠯ ᠬᠤᠷᠠᠯᠳᠤᠭᠤᠯᠪᠠ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ 《ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠶᠢᠷᠲᠢᠨᠴᠦ ᠵᠢᠨ ᠦᠵᠡᠯᠲᠡ ᠠᠷᠭ᠎ᠠ ᠵᠢᠨ ᠤᠨᠤᠯ》 ᠭᠡᠬᠦ ᠲᠤᠰᠬᠠᠢ ᠰᠡᠳᠦᠪᠲᠦ ᠲᠠᠢ᠌ᠯᠤᠮᠵᠢ ᠵᠢ ᠰᠣᠨᠢᠷᠬᠠᠪᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠠᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
             蒙ICP备05000248号