ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠱᠤᠤᠬᠢᠶ᠎ᠠ ᠳᠠᠭᠤᠨ᠎ᠤ ᠪᠤᠬᠢᠷᠳᠤᠯ (noise pollution)
ᠨᠡᠶ᠋ᠢᠲᠡᠯᠡᠭᠰᠡᠨ ᠴᠠᠭ᠄ 2019-01-11

      ᠱᠤᠤᠭᠢᠶ᠎ᠠ ᠳᠠᠭᠤ ᠨᠢᠬᠡᠨᠳᠡ ᠬᠦᠮᠦᠨ᠎ᠤ ᠠᠮᠢᠳᠤᠷᠠᠯ ᠪᠠ ᠦᠢ᠍ᠯᠡᠳᠪᠦᠷᠢᠯᠡᠯ᠎ᠤᠨ ᠠᠵᠢᠯᠯᠠᠭ᠎ᠠ ᠵᠢᠨ ᠵᠦᠪᠰᠢᠶᠡᠷᠡᠬᠦ ᠬᠡᠪᠴᠢᠶᠡᠨ᠎ᠠᠴᠠ ᠳᠠᠪᠠᠬᠰᠠᠨ ᠤᠷᠴᠢᠨ ᠳᠤᠭᠤᠷᠢᠨ᠎ᠤ ᠪᠠᠢ᠌ᠳᠠᠯ᠎ᠢ ᠱᠤᠤᠬᠢᠶ᠎ᠠ ᠳᠠᠭᠤᠨ᠎ᠤ ᠪᠤᠬᠢᠷᠳᠤᠯ ᠭᠡᠨ᠎ᠡ᠃ ᠳᠡᠷᠡ᠎ᠨᠢ ᠶᠡᠷᠦ᠎ᠳᠤ᠎ᠪᠠᠨ ᠪᠠᠢ᠌ᠭ᠋ᠠᠯᠢ ᠵᠢᠨ ᠦᠵᠡᠭᠳᠡᠯ᠎ᠠᠴᠠ ᠡᠬᠦᠰᠦᠭᠰᠡᠨ ᠪᠢᠰᠢ᠂ ᠬᠠᠷᠢᠨ ᠬᠦᠮᠦᠰ᠎ᠤᠨ ᠠᠵᠢᠯᠯᠠᠭ᠎ᠠ᠎ᠠᠴᠠ ᠪᠤᠯᠤᠬᠰᠠᠨ ᠵᠦᠢ᠍ᠯ᠎ᠢ ᠬᠡᠯᠡᠳᠡᠭ᠃ ᠱᠤᠤᠬᠢᠶ᠎ᠠ ᠳᠠᠭᠤᠨ᠎ᠤ ᠪᠤᠬᠢᠷᠳᠤᠯ ᠪᠤᠯ ᠹᠢᠽᠢᠺ᠎ᠤᠨ ᠰᠢᠨᠵᠢ᠎ᠲᠠᠢ ᠪᠤᠬᠢᠷᠳᠤᠯ᠂ ᠳᠤᠰ ᠪᠡᠶ᠎ᠡ᠎ᠨᠢ ᠬᠦᠮᠦᠨ᠎ᠳᠤ ᠬᠦᠨᠦᠬᠡᠯ ᠪᠤᠯᠬᠤ ᠦᠬᠡᠢ᠂ ᠵᠦᠪᠬᠡᠨ ᠤᠷᠴᠢᠨ ᠳᠤᠭᠤᠷᠢᠨ᠎ᠳᠠᠬᠢ ᠳᠠᠷᠬᠠᠯᠳᠠ ᠵᠢᠨ ᠬᠡᠮᠵᠢᠶ᠎ᠡ ᠬᠡᠳᠦ ᠦᠨᠳᠦᠷ ᠪᠤᠶᠤ ᠬᠡᠳᠦ ᠳᠤᠤᠷ᠎ᠠ ᠪᠤᠯᠬᠤ ᠦᠶ᠎ᠡ᠎ᠳᠤ ᠰᠠᠶᠢ ᠪᠤᠬᠢᠷᠳᠤᠯ ᠡᠬᠦᠰᠬᠡᠬᠦ ᠪᠤᠶᠤ ᠤᠨᠴᠠᠭ᠋ᠠᠢ ᠪᠠᠢ᠌ᠳᠠᠯ᠎ᠢ ᠪᠤᠢ ᠪᠤᠯᠭ᠋ᠠᠳᠠᠭ᠃ ᠹᠢᠽᠢᠺ᠎ᠤᠨ ᠰᠢᠨᠵᠢ᠎ᠲᠠᠢ ᠪᠤᠬᠢᠷᠳᠤᠯ᠎ᠨᠢ ᠬᠢᠵᠠᠭ᠋ᠠᠷᠳᠠᠮᠠᠯ ᠴᠢᠨᠠᠷ᠎ᠲᠠᠢ᠂ ᠳᠤᠬᠠᠢ᠌ᠯᠠᠪᠠᠯ ᠨᠢᠬᠡ ᠱᠤᠤᠬᠢᠶ᠎ᠠ ᠳᠠᠭᠤᠨ᠎ᠤ ᠡᠬᠢ ᠵᠢᠨ ᠨᠦᠯᠦᠬᠡᠯᠡᠬᠦ ᠤᠷᠤᠨ ᠬᠡᠪᠴᠢᠶ᠎ᠡ ᠳᠡᠢ᠌ᠮᠦ ᠶᠡᠬᠡ ᠪᠢᠰᠢ; ᠡᠬᠦᠨ᠎ᠠᠴᠠ ᠭᠠᠳᠠᠨ᠎ᠠ ᠹᠢᠽᠢᠺ᠎ᠤᠨ ᠰᠢᠨᠵᠢ᠎ᠲᠠᠢ ᠪᠤᠬᠢᠷᠳᠤᠯ᠎ᠨᠢ ᠬᠤᠵᠢᠭᠤ ᠦᠢ᠍ᠯᠡᠳᠦᠯ ᠭᠠᠷᠭ᠋ᠠᠬᠤ ᠦᠬᠡᠢ᠂ ᠳᠤᠬᠠᠢ᠌ᠯᠠᠪᠠᠯ ᠳᠠᠭᠤ ᠳᠠᠰᠤᠷᠠᠮᠠᠬ᠍ᠴᠠ ᠱᠤᠤᠭᠢᠶ᠎ᠠ᠎ᠨᠢ ᠪᠦᠷᠢᠮᠦᠰᠦᠨ ᠠᠷᠢᠯᠤᠨ᠎ᠠ᠂ ᠤᠷᠴᠢᠨ ᠳᠤᠭᠤᠷᠢᠨ᠎ᠳᠤ ᠶᠠᠮᠠᠷ ᠴᠦ᠍ ᠦᠯᠡᠳᠡᠭᠳᠡᠯ ᠦᠯᠡᠳᠡᠬᠦ ᠦᠬᠡᠢ᠂ ᠪᠤᠬᠢᠷᠳᠤᠯ ᠦᠯᠡᠳᠡᠬᠦ ᠦᠬᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠴᠡᠨᠡᠭ᠎ᠲᠠᠢ ᠬᠡᠷ᠎ᠤᠨ ᠴᠠᠬᠢᠯᠭ᠋ᠠᠨ ᠬᠡᠷᠡᠭᠰᠡᠯ᠎ᠨᠢ ᠴᠢᠮᠡᠬᠡ ᠦᠬᠡᠢ᠌ᠬᠡᠨ ᠵᠶ᠋ᠡᠷ ᠴᠠᠬᠢᠯᠭ᠋ᠠᠨ᠎ᠢ ᠬᠤᠷᠤᠬᠳᠠᠭᠤᠯᠤᠨ᠎ᠠ
ᠦᠵᠡᠮᠦᠷᠢ ᠵᠢᠨ ᠴᠡᠴᠡᠭ ᠡᠪᠡᠰᠦ ᠵᠢᠨ ᠳᠤᠬᠠᠢ ᠶᠡᠷᠦ ᠵᠢᠨ ᠮᠡᠳᠡᠯᠬᠡ ᠳᠠᠨ᠎ᠤ ᠬᠡᠷ᠎ᠤᠨ ᠴᠡᠴᠡᠭ ᠡᠪᠡᠰᠦ᠎ᠪᠠᠨ ᠵᠦᠪ ᠪᠠᠢ᠌ᠷᠢᠯᠠᠭᠤᠯᠵᠦ ᠴᠢᠳᠠᠬᠰᠠᠨ ᠤᠤ?
ᠭᠠᠷ ᠤᠳᠠᠰᠤ ᠵᠢ ᠬᠠᠮᠢᠭ᠎ᠠ ᠳᠠᠯᠪᠢᠪᠠᠯ ᠰᠠᠴᠤᠷᠠᠭ᠎ᠨᠢ ᠬᠠᠮᠤᠭ᠎ᠤᠨ ᠪᠠᠭ᠎ᠠ ᠪᠤᠢ?
ᠣᠷᠣᠨ ᠰᠠᠭᠤᠴᠠ ᠵᠢᠨ ᠳ᠋ᠧᠩ ᠴᠢᠮᠡᠭᠯᠡᠯ᠄ ᠣᠷᠴᠢᠨ ᠲᠣᠭᠣᠷᠢᠨ᠎ᠢ ᠬᠠᠮᠠᠭ᠋ᠠᠯᠠᠵᠤ ᠡᠨᠧᠷᠭᠢ ᠠᠷᠪᠢᠯᠠᠬᠤ᠎ᠪᠠᠷ ᠲᠡᠷᠢᠭᠦᠨ ᠰᠣᠩᠭᠣᠯᠲᠠ ᠪᠣᠯᠭ᠋ᠠᠨ᠎ᠠ
ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠶᠡᠷᠦ ᠵᠢᠨ ᠮᠡᠳᠡᠯᠬᠡ᠄ ᠤᠷᠴᠢᠨ ᠳᠤᠭᠤᠷᠢᠨ᠎ᠤ ᠪᠤᠬᠢᠷᠳᠤᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ
 
             蒙ICP备05000248号