ᠴᠡᠪᠡᠷ ᠠᠭ᠋ᠠᠷ ᠮᠠᠨᠳᠠᠯ᠎ᠤᠨ ᠪᠦᠷᠢᠯᠳᠦᠬᠦᠨ

ᠠᠭ᠋ᠠᠷ ᠮᠠᠨᠳᠠᠯ ᠪᠣᠯ ᠬᠣᠯᠢᠮᠠᠭ ᠬᠡᠢ ᠪᠡᠶᠡᠲᠦ᠂ ᠤᠰᠤᠨ ᠠᠭᠤᠷ ᠪᠠ ᠬᠣᠯᠢᠮᠠᠭ ᠪᠤᠳᠠᠰ ᠵᠶ᠋ᠠᠷ ᠪᠦᠷᠢᠯᠳᠦᠭᠰᠡᠨ ᠶᠤᠮ᠃ ᠴᠡᠪᠡᠷ ᠠᠭ᠋ᠠᠷ ᠮᠠᠨᠳᠠᠯ᠎ᠨᠢ ᠭᠣᠣᠯᠳᠠᠭᠤ 78% ᠵᠢᠨ ᠠᠽᠣᠲ ᠬᠡᠢ᠂ 21% ᠵᠢᠨ ᠬᠦᠴᠢᠯᠲᠥ᠋ᠷᠦᠭᠴᠢ᠂ 0.93% ᠵᠢᠨ ᠬᠣᠪᠣᠷ ᠬᠡᠢ᠂ 0.04% ᠵᠢᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠵᠢᠴᠢ 0.03% ᠵᠢᠨ ᠪᠤᠰᠤᠳ ᠪᠣᠳᠠᠰ ᠵᠶ᠋ᠠᠷ ᠪᠦᠷᠢᠯᠳᠦᠳᠡᠭ᠃
ᠠᠭ᠋ᠠᠷ ᠮᠠᠨᠳᠠᠯ᠎ᠤᠨ ᠪᠣᠬᠢᠷᠲᠤᠯ ᠭᠡᠵᠦ ᠶᠠᠭᠤ ᠵᠢ ᠬᠡᠯᠡᠳᠡᠭ ᠪᠤᠢ

ᠬᠦᠮᠦᠨ ᠲᠥᠷᠦᠯᠬᠢᠲᠡᠨᠤ ᠠᠵᠢᠯᠯᠠᠭ᠎ᠠ ᠪᠤᠶᠤ ᠪᠠᠢ᠌ᠭ᠋ᠠᠯᠢ ᠵᠢᠨ ᠶᠠᠪᠤᠴᠠ᠎ᠠᠴᠠ ᠪᠣᠯᠵᠤ ᠵᠠᠷᠢᠮ ᠪᠣᠳᠠᠰ ᠠᠭ᠋ᠠᠷ ᠮᠠᠨᠳᠠᠯ᠎ᠳᠤ ᠣᠷᠣᠳᠠᠭ᠂ ᠵᠢᠱ᠌ᠢᠶᠡᠯᠡᠪᠡᠯ ᠨᠡᠭᠦᠷᠡᠰᠦ ᠵᠡᠷᠭᠡ ᠡᠨᠧᠷᠭᠢ ᠵᠢᠨ ᠰᠢᠲᠠᠯᠲᠠ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠵᠢᠨ ᠠᠵᠢᠯ ᠬᠢᠬᠦ᠂ ᠡᠰᠢ ᠰᠦᠷᠡᠯ᠎ᠢ ᠵᠠᠳᠠᠭ᠋ᠠᠶ ᠰᠢᠲᠠᠭ᠋ᠠᠬᠤ᠂ ᠫᠤᠤᠵᠢᠩ ᠲᠠᠯᠪᠢᠬᠤ ᠵᠡᠷᠭᠡ ᠶᠠᠪᠤᠴᠠ᠎ᠳᠠᠬᠢ ᠬᠦᠬᠦᠷ᠎ᠤᠨ ᠳᠠᠪᠬᠤᠷ ᠢᠰᠦᠯ ᠭᠠᠳᠠᠭᠰᠢᠯᠠᠭᠤᠯᠬᠤ᠂ ᠠᠽᠣᠲ᠎ᠤᠨ ᠢᠰᠦᠯ ᠭᠠᠳᠠᠭᠰᠢᠯᠠᠭᠤᠯᠬᠤ᠂ ᠠᠭᠤᠷᠰᠢᠬᠤ ᠰᠢᠨᠵᠢ᠎ᠲᠠᠢ ᠣᠷᠭ᠋ᠠᠨᠢᠭ ᠪᠣᠳᠠᠰ᠂ ᠠᠮᠢᠨᠣ᠋᠂ ᠲᠣᠭᠤᠰᠤ᠂ ᠨᠤᠨᠲᠠᠭ ᠲᠣᠭᠤᠰᠤ ᠵᠡᠷᠭᠡ ᠠᠭ᠋ᠠᠷ ᠮᠠᠨᠳᠠᠯ᠎ᠤᠨ ᠪᠣᠬᠢᠷᠲᠤᠯ ᠪᠣᠳᠠᠰ ᠠᠭ᠋ᠠᠷ ᠮᠠᠨᠳᠠᠯ᠎ᠤᠨ ᠣᠷᠴᠢᠨ ᠲᠣᠭᠤᠷᠢᠨ᠎ᠳᠤ ᠣᠷᠤᠳᠠᠭ᠃ ᠡᠳᠡᠭᠡᠷ ᠪᠣᠳᠠᠰ᠎ᠤᠨ ᠥᠳᠭᠡᠴᠡ᠎ᠨᠢ ᠬᠣᠣᠷᠲᠠᠢ ᠬᠡᠮᠵᠢᠶᠡᠨ᠎ᠳᠤ ᠬᠦᠷᠴᠦ᠂ ᠲᠡᠷᠡᠴᠢᠯᠡᠨ ᠠᠮᠢ ᠠᠬᠤᠢ ᠵᠢᠨ ᠰᠢᠰᠲ᠋ᠧᠮ᠂ ᠬᠥᠮᠦᠨ ᠲᠥᠷᠦᠯᠬᠢᠲᠡᠨᠤ ᠬᠡᠪ᠎ᠤᠨ ᠣᠷᠤᠰᠢᠨ ᠲᠣᠭᠲᠠᠨᠢᠬᠤ ᠪᠠ ᠬᠥᠭᠵᠢᠬᠦ ᠨᠥᠬᠦᠴᠡᠯ᠎ᠢ ᠡᠪᠳᠡᠬᠦ᠂ ᠬᠥᠮᠦᠨ ᠪᠤᠶᠤ ᠪᠣᠳᠠᠰ᠎ᠲᠤ ᠬᠣᠣᠷ ᠬᠥᠨᠦᠭᠡᠯ ᠤᠴᠠᠷᠠᠭᠤᠯᠬᠤ ᠦᠵᠡᠭᠳᠡᠯ᠎ᠢ ᠠᠭ᠋ᠠᠷ ᠮᠠᠨᠳᠠᠯ᠎ᠤᠨ ᠪᠣᠬᠢᠷᠲᠤᠯ ᠭᠡᠳᠡᠭ᠃
ᠠᠭ᠋ᠠᠷ ᠮᠠᠨᠳᠠᠯ᠎ᠤᠨ ᠣᠷᠴᠢᠨ ᠲᠣᠭᠤᠷᠢᠨ᠎ᠨᠢ ᠦᠪᠡᠷ᠎ᠢ᠎ᠪᠠᠨ ᠦᠪᠡᠷᠲᠡᠭᠡᠨ ᠴᠡᠪᠡᠷᠰᠢᠭᠦᠯᠬᠦ ᠴᠢᠳᠠᠪᠤᠷᠢ᠎ᠲᠠᠢ

ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠲᠤᠰ ᠪᠡᠶ᠎ᠡ᠎ᠨᠢ ᠦᠪᠡᠷ ᠵᠶ᠋ᠡᠨ ᠥᠪᠡᠷ᠎ᠢ᠎ᠪᠠᠨ ᠴᠡᠪᠡᠷᠰᠢᠭᠦᠯᠬᠦ ᠴᠢᠳᠠᠪᠤᠷᠢ᠎ᠲᠠᠢ ᠪᠠᠶ᠋ᠢᠵᠤ᠂ ᠠᠭ᠋ᠠᠷ ᠮᠠᠨᠳᠠᠯ᠎ᠤᠨ ᠪᠣᠬᠢᠷᠲᠤᠭᠤᠯᠤᠭᠴᠢ ᠪᠣᠳᠠᠰ᠎ᠢ ᠰᠢᠩᠭᠡᠷᠡᠭᠦᠯᠦᠨ ᠠᠷᠢᠯᠭ᠋ᠠᠬᠤ ᠪᠠ ᠴᠡᠪᠡᠷᠯᠡᠨ ᠬᠠᠶᠠᠵᠤ ᠪᠣᠯᠤᠨ᠎ᠠ᠃ ᠠᠭ᠋ᠠᠷ ᠮᠠᠨᠳᠠᠯ᠎ᠤᠨ ᠣᠷᠴᠢᠨ ᠲᠣᠭᠤᠷᠢᠨ᠎ᠤ ᠦᠪᠡᠷ᠎ᠢ᠎ᠪᠠᠨ ᠴᠡᠪᠡᠷᠰᠢᠭᠦᠯᠬᠦ ᠴᠢᠳᠠᠪᠤᠷᠢ᠎ᠨᠢ ᠳᠤᠯᠠᠭ᠋ᠠᠨ᠎ᠤ ᠬᠡᠮᠵᠢᠶᠡᠨ᠎ᠤ ᠳᠠᠪᠬᠤᠷᠭ᠎ᠠ᠂ ᠰᠠᠯᠬᠢᠨ᠎ᠤ ᠴᠢᠭᠯᠡᠯ᠂ ᠰᠠᠯᠬᠢᠨ᠎ᠤ ᠬᠤᠷᠳᠤᠴᠠ᠂ ᠴᠢᠭᠢᠭ᠎ᠤᠨ ᠬᠡᠮᠵᠢᠶ᠎ᠡ᠂ ᠬᠥᠷᠦᠰᠦᠨᠤ ᠰᠢᠨᠵᠢ ᠴᠢᠨᠠᠷ ᠵᠡᠷᠭᠡ᠎ᠳᠤ ᠨᠥᠯᠦᠭᠡᠯᠡᠭᠳᠡᠳᠡᠭ᠃

ᠰᠥᠷᠭᠡᠦ ᠳᠤᠯᠠᠭ᠋ᠠᠨ᠎ᠤ ᠦᠵᠡᠭᠳᠡᠯ ᠡᠭᠦᠰᠬᠦ ᠦᠶᠡᠰ ᠠᠭ᠋ᠠᠷ᠎ᠤᠨ ᠡᠭᠴᠡ ᠰᠣᠯᠢᠯᠴᠠᠭ᠎ᠠ ᠰᠠᠭ᠋ᠠᠳ᠎ᠲᠤ ᠤᠴᠠᠷᠠᠨ᠂ ᠪᠣᠬᠢᠷ ᠪᠣᠳᠠᠰ᠎ᠨᠢ ᠵᠥᠪᠬᠡᠨ ᠰᠥᠷᠭᠡᠦ ᠳᠤᠯᠠᠭ᠋ᠠᠨ᠎ᠤ ᠳᠠᠪᠬᠤᠷᠭ᠎ᠠ᠎ᠠᠴᠠ ᠳᠣᠷᠤᠭᠰᠢᠬᠢ ᠠᠭ᠋ᠠᠷ᠎ᠤᠨ ᠣᠷᠴᠢᠨ ᠲᠣᠭᠤᠷᠢᠨ᠎ᠳᠤ ᠰᠢᠩᠭᠡᠷᠡᠨ ᠬᠣᠯᠢᠯᠳᠤᠵᠤ᠂ ᠰᠥᠷᠭᠡᠦ ᠳᠤᠯᠠᠭ᠋ᠠᠨ᠎ᠤ ᠳᠠᠪᠬᠤᠷᠭ᠎ᠠ᠎ᠨᠢ ᠤᠯᠠᠮ ᠳᠣᠣᠷ᠎ᠠ ᠪᠣᠯ ᠪᠣᠬᠢᠷ ᠪᠣᠳᠠᠰ᠎ᠤᠨ ᠰᠢᠩᠭᠡᠷᠡᠨ ᠬᠣᠯᠢᠯᠳᠣᠬᠤ ᠣᠷᠤᠨ ᠵᠠᠢ᠎ᠨᠢ ᠲᠡᠳᠦᠢ ᠪᠠᠭ᠎ᠠ ᠪᠣᠯᠵᠤ᠂ ᠠᠭ᠋ᠠᠷ᠎ᠤᠨ ᠪᠣᠬᠢᠷᠲᠤᠯ ᠬᠦᠨᠳᠦ ᠨᠣᠴᠢᠲᠠᠢ ᠪᠣᠯᠳᠠᠭ᠃
ᠠᠭ᠋ᠠᠷ ᠮᠠᠨᠳᠠᠯ᠎ᠤᠨ ᠪᠣᠬᠢᠷᠲᠤᠯ᠎ᠤᠨ ᠪᠦᠷᠢᠯᠳᠦᠯ

ᠰᠠᠯᠬᠢᠨ᠎ᠤ ᠬᠤᠷᠳᠤᠴᠠ ᠪᠠᠭ᠋ᠠᠰᠬᠤ ᠵᠢ ᠳᠠᠭ᠋ᠠᠯᠳᠤᠨ᠂ ᠪᠣᠬᠢᠷᠲᠤᠯ ᠪᠣᠳᠠᠰ᠎ᠤᠨ ᠬᠡᠪᠲᠡᠭᠡ ᠴᠢᠭᠯᠡᠯ᠎ᠤᠨ ᠵᠥᠭᠡᠭᠡᠪᠦᠷᠢᠯᠡᠯᠲᠡ ᠤᠳᠠᠭ᠋ᠠᠰᠢᠷᠠᠵᠤ᠂ ᠡᠭᠦᠨ᠎ᠤ ᠳᠡᠭᠡᠷ᠎ᠡ ᠠᠰᠢᠭ ᠦᠭᠡᠢ ᠭᠠᠵᠠᠷ᠎ᠤᠨ ᠪᠠᠶ᠋ᠢᠴᠠ᠎ᠲᠠᠢ ᠠᠭᠤᠯᠠ ᠵᠢᠨ ᠤᠷᠢᠳᠤ ᠲᠠᠯ᠎ᠠ ᠵᠢᠨ ᠬᠤᠷᠢᠭᠯᠠᠯᠲᠠ ᠵᠡᠷᠭᠡ ᠰᠢᠯᠲᠠᠭ᠋ᠠᠨ᠎ᠠᠴᠠ ᠪᠣᠬᠢᠷᠲᠤᠯ ᠪᠣᠳᠠᠰ ᠴᠠᠭ ᠲᠤᠬᠠᠢ᠎ᠳᠤ᠎ᠪᠠᠨ ᠰᠠᠷᠨᠢᠵᠤ ᠴᠢᠳᠠᠬᠤ ᠦᠭᠡᠢ᠂ ᠪᠣᠬᠢᠷᠲᠤᠯ᠎ᠢ ᠤᠯᠠᠮ᠎ᠠᠴᠠ ᠤᠯᠠᠮ ᠬᠦᠨᠳᠦ ᠨᠣᠴᠢᠲᠠᠢ ᠪᠣᠯᠭ᠋ᠠᠳᠠᠭ᠃

ᠠᠰᠢᠭ ᠦᠭᠡᠶ ᠴᠠᠭ ᠠᠭᠤᠷ᠎ᠤᠨ ᠨᠥᠬᠥᠴᠡᠯ ᠡᠭᠦᠰᠬᠦ ᠦᠶ᠎ᠡ᠎ᠳᠤ ᠬᠡᠷᠪᠡ ᠬᠥᠮᠦᠨ᠎ᠤ ᠵᠣᠷᠢᠭᠤᠳᠠ ᠵᠢᠨ ᠦᠢ᠍ᠯᠡᠳᠪᠦᠷᠢᠯᠡᠯ ᠪᠠ ᠠᠮᠢᠳᠤᠷᠠᠯ᠎ᠤᠨ ᠠᠵᠢᠯᠯᠠᠭ᠎ᠠ ᠥᠩᠭᠡᠷᠡᠭᠰᠡᠨ᠎ᠤ᠎ᠬᠢ᠎ᠲᠠᠢ᠎ᠪᠠᠨ ᠠᠳᠠᠯᠢ᠎ᠪᠠᠷ ᠪᠣᠬᠢᠷᠲᠤᠯ ᠪᠣᠳᠠᠰ᠎ᠢ ᠠᠭ᠋ᠠᠷ᠎ᠤᠨ ᠣᠷᠴᠢᠨ ᠲᠣᠭᠣᠷᠢᠨ᠎ᠳᠤ ᠭᠠᠳᠠᠭᠰᠢᠯᠠᠭᠤᠯᠬᠤ᠎ᠳᠤ ᠬᠦᠷᠪᠡᠯ᠂ ᠪᠣᠬᠢᠷᠲᠤᠯ᠎ᠨᠢ ᠦᠷᠭᠦᠯᠵᠢᠯᠡᠨ ᠬᠤᠷᠠᠮᠳᠤᠵᠤ ᠬᠡᠴᠡᠭᠦᠳᠡᠬᠦ ᠵᠢᠨ ᠬᠠᠮᠲᠤ ᠶᠡᠬᠡᠲᠦᠨ᠂ ᠪᠣᠬᠢᠷᠲᠤᠯ᠎ᠨᠢ ᠵᠠᠯᠭ᠋ᠠᠯᠳᠤᠭᠰᠠᠨ ᠬᠡᠰᠡᠭ ᠪᠣᠯᠵᠤ᠂ ᠪᠤᠬᠢᠷᠳᠤᠯᠲᠤ ᠠᠭ᠋ᠠᠷ᠎ᠤᠨ ᠪᠦᠭᠡᠮ ᠰᠠᠯᠬᠢᠨ᠎ᠤ ᠤᠷᠤᠰᠬᠠᠯ᠎ᠢ ᠳᠠᠭ᠋ᠠᠯᠳᠤᠨ᠂ ᠶᠡᠬᠡ ᠬᠡᠪᠴᠢᠶᠡᠨ᠎ᠤ ᠣᠷᠣᠨ ᠪᠦᠰᠡ ᠵᠢᠨ ᠴᠢᠨᠠᠷᠲᠠᠶ ᠬᠦᠨᠳᠦ ᠨᠣᠴᠢᠲᠠᠢ ᠠᠭ᠋ᠠᠷ᠎ᠤᠨ ᠪᠣᠬᠢᠷᠲᠤᠯ᠎ᠢ ᠪᠤᠢ ᠪᠣᠯᠭ᠋ᠠᠨ᠎ᠠ᠃
ᠮᠠᠨ᠎ᠤ ᠤᠯᠤᠰ᠎ᠤᠨ ᠠᠭ᠋ᠠᠷ ᠮᠠᠨᠳᠠᠯ᠎ᠤᠨ ᠪᠤᠬᠢᠷᠲᠤᠯ᠎ᠢ ᠰᠡᠷᠭᠡᠢ᠌ᠯᠡᠨ ᠵᠠᠰᠠᠬᠤ

ᠮᠠᠨ᠎ᠤ ᠤᠯᠤᠰ ᠬᠠᠤᠯᠢ ᠲᠣᠭᠲᠠᠭ᠋ᠠᠬᠤ᠂ ᠰᠢᠷᠢᠰ ᠪᠠᠷᠢᠮᠵᠢᠶ᠎ᠠ ᠲᠣᠭᠲᠠᠭ᠋ᠠᠬᠤ ᠪᠠ ᠲᠥᠯᠥᠪᠵᠢᠭᠦᠯᠭᠡ᠎ᠪᠠᠷ ᠳᠠᠮᠵᠢᠭᠤᠯᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠨ᠎ᠠ᠃ ᠡᠭᠦᠨ᠎ᠤ ᠵᠣᠷᠢᠯᠭ᠎ᠠ᠎ᠨᠢ ᠣᠷᠴᠢᠨ ᠲᠣᠭᠤᠷᠢᠨ᠎ᠤ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠵᠤ᠂ ᠣᠯᠠᠨ ᠨᠡᠢ᠌ᠲᠡ ᠵᠢᠨ ᠡᠷᠡᠭᠦᠯ ᠮᠡᠨᠳᠦ ᠵᠢ ᠬᠠᠮᠠᠭ᠋ᠠᠯᠠᠬᠤ ᠵᠢᠨ ᠲᠥᠯᠦᠭᠡ ᠶᠤᠮ᠃

ᠠᠵᠤ ᠦᠢ᠍ᠯᠡᠰ᠎ᠤᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠶ᠃ 《ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠶᠡᠬᠡᠲᠡᠶ》 ᠠᠵᠤ ᠠᠬᠤᠶ᠋ᠢᠯᠠᠯ᠎ᠢ ᠴᠡᠭᠴᠡᠯᠡᠨ ᠵᠠᠰᠠᠵᠤ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠭᠠᠳᠠᠭᠰᠢᠯᠠᠭᠤᠯᠬᠤ ᠵᠢ ᠪᠠᠷᠢᠮᠵᠢᠶ᠎ᠠ᠎ᠳᠤ ᠬᠦᠷᠦᠭᠦᠯᠦᠨ᠎ᠡ᠃ ᠡᠨᠧᠷᠭᠢ ᠵᠢᠨ ᠰᠤᠷᠪᠤᠯᠵᠢ ᠵᠢᠨ ᠪᠦᠲᠦᠴᠡ ᠵᠢ ᠰᠢᠯᠢᠳᠡᠭᠵᠢᠭᠦᠯᠦᠨ᠎ᠡ᠃ ᠨᠡᠭᠦᠷᠡᠰᠦ ᠰᠢᠲᠠᠭ᠋ᠠᠬᠤ ᠵᠢᠵᠢᠭ ᠵᠤᠤᠬ᠎ᠠ ᠵᠢ ᠰᠢᠭᠰᠢᠭᠳᠡᠭᠦᠯᠦᠨ ᠥᠭᠡᠷᠡᠴᠢᠯᠡᠬᠦ ᠵᠢ ᠲᠦᠯᠬᠢᠨ ᠠᠬᠢᠭᠤᠯᠬᠤ ᠬᠡᠷᠡᠭᠲᠡᠶ᠃ ᠴᠡᠪᠡᠷ ᠡᠨᠧᠷᠭᠢ ᠵᠢᠨ ᠰᠤᠷᠪᠤᠯᠵᠢ ᠵᠢ ᠬᠦᠴᠦᠯᠡᠨ ᠬᠥᠭᠵᠢᠭᠦᠯᠬᠦ ᠬᠡᠷᠡᠭᠲᠡᠶ᠃

ᠲᠡᠭᠡᠭᠡᠪᠦᠷᠢ ᠵᠢᠨ ᠪᠦᠲᠦᠴᠡ ᠵᠢ ᠰᠢᠯᠢᠳᠡᠭᠵᠢᠭᠦᠯᠬᠦ ᠬᠡᠷᠡᠭᠲᠡᠶ᠃ ᠴᠠᠶ᠋ᠢᠶᠢᠤ ᠲᠣᠰᠣᠨ᠎ᠤ ᠪᠠᠷᠠᠭ᠋ᠠᠨ᠎ᠤ ᠲᠡᠷᠭᠡ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠬᠤ ᠲᠤᠰᠬᠠᠶ ᠵᠦᠢ᠍ᠯ᠎ᠤᠨ ᠴᠡᠭᠴᠡᠯᠡᠨ ᠵᠠᠰᠠᠯᠲᠠ ᠵᠢ ᠥᠷᠨᠢᠭᠦᠯᠬᠦ ᠬᠡᠷᠡᠭᠲᠡᠶ᠃ ᠭᠠᠵᠠᠷ ᠰᠢᠷᠣᠶ ᠬᠡᠷᠡᠭᠯᠡᠬᠦ ᠪᠦᠲᠦᠴᠡ ᠵᠢ ᠰᠢᠯᠢᠳᠡᠭᠵᠢᠭᠦᠯᠬᠦ ᠬᠡᠷᠡᠭᠲᠡᠶ᠃ ᠬᠣᠲᠠ ᠵᠢᠨ ᠮᠠᠨᠠᠷᠠᠬᠤ ᠲᠣᠭᠣᠰᠣ ᠵᠢ ᠶᠡᠷᠦᠩᠬᠡᠶ᠋ᠢᠯᠡᠨ ᠵᠠᠰᠠᠬᠤ ᠬᠡᠷᠡᠭᠲᠡᠶ᠃

ᠬᠢᠨᠠᠨ ᠪᠠᠶ᠋ᠢᠴᠠᠭ᠋ᠠᠵᠤ ᠲᠣᠭᠣᠷᠢᠨ ᠪᠠᠶ᠋ᠢᠴᠠᠭ᠋ᠠᠬᠤ ᠵᠢ ᠴᠢᠩᠭ᠋ᠠᠳᠬᠠᠬᠤ ᠬᠡᠷᠡᠭᠲᠡᠶ᠃ ᠬᠠᠤᠯᠢ ᠶᠣᠰᠣᠭ᠋ᠠᠷ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠳᠠᠯᠠᠬᠤ ᠬᠡᠷᠡᠭᠲᠡᠶ᠃
ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠭᠰᠠᠨ ᠦᠷ᠎ᠡ ᠪᠦᠲᠦᠮᠵᠢ

ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠤᠭᠰᠠᠨ ᠪᠠᠢ᠍ᠨ᠎ᠠ᠃ 2013 ᠣᠨᠯᠤᠭᠠ ᠬᠠᠷᠢᠴᠠᠭᠤᠯᠪᠠᠯ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ ᠪᠣᠯᠤᠨ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠎ᠤ ᠠᠭ᠋ᠠᠷ ᠮᠠᠨᠳᠠᠯ᠎ᠤᠨ P M 2.5 ᠵᠢᠯ᠎ᠤᠨ ᠳᠤᠮᠳᠠᠴᠢ ᠦᠳᠬᠡᠴᠡ ᠵᠢᠨ ᠬᠡᠮᠵᠢᠶ᠎ᠡ ᠲᠤᠰ ᠪᠦᠷᠢ 39.6 %᠂ 34.3 % ᠪᠠ 27.7 % ᠪᠠᠭᠤᠷᠠᠵᠠᠶ᠃

ᠪᠦᠬᠦ ᠤᠯᠤᠰ᠎ᠤᠨ 74 ᠭᠤᠤᠯᠳᠠᠯᠭ᠎ᠠ᠎ᠲᠠᠢ ᠬᠤᠳᠠ ᠵᠢᠨ ᠬᠦᠨᠳᠦ ᠪᠣᠬᠢᠷᠲᠤᠯ᠎ᠲᠠᠢ ᠡᠳᠦᠷ᠎ᠤᠨ ᠲᠣᠭ᠎ᠠ 51.8 %᠎ᠪᠠᠷ ᠪᠠᠭ᠋ᠠᠰᠪᠠ᠃ ᠲᠡᠭᠡᠪᠡᠯ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠪᠢᠳᠡ ᠶᠠᠭᠤ ᠬᠢᠵᠦ ᠴᠢᠳᠠᠬᠤ ᠪᠤᠢ ?

ᠰᠠᠶ᠋ᠢᠨ ᠰᠠᠢ᠌ᠬᠠᠨ ᠠᠮᠢ ᠠᠬᠤᠢ ᠣᠷᠴᠢᠨ ᠲᠣᠭᠣᠷᠢᠨ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠲᠥᠭᠡᠮᠡᠯ ᠪᠤᠶᠠᠨ ᠬᠡᠰᠢᠭ ᠮᠦᠨ᠃ ᠠᠭ᠋ᠠᠷ᠎ᠤᠨ ᠴᠢᠨᠠᠷ ᠴᠢᠨᠰᠠᠭ᠎ᠠ ᠵᠢ ᠠᠩᠬᠠᠷᠬᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠬᠥᠮᠦᠨ ᠪᠦᠬᠦᠨ ᠬᠠᠷᠢᠭᠤᠴᠠᠯᠭ᠎ᠠ᠎ᠲᠠᠢ᠃

ᠪᠣᠬᠢᠷᠲᠤᠯ ᠦᠭᠡᠶ ᠶᠠᠪᠤᠵᠤ ᠰᠠᠭᠤᠬᠤ ᠵᠢ ᠰᠠᠨᠠᠭ᠋ᠠᠴᠢᠯᠠᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠡᠷᠡᠭᠲᠡᠶ᠃

ᠠᠷᠪᠢᠴᠢ ᠭᠠᠮᠳᠠᠢ ᠠᠮᠢᠳᠤᠷᠠᠯ᠎ᠢ ᠤᠷᠢᠶᠠᠯᠠᠵᠤ᠂ ᠴᠠᠬᠢᠯᠭ᠋ᠠᠨ᠎ᠢ ᠠᠷᠪᠢᠯᠠᠬᠤ ᠳᠠᠳᠬᠠᠯ᠎ᠢ ᠬᠦᠮᠦᠵᠢᠭᠦᠯᠬᠦ ᠬᠡᠷᠡᠭᠳᠡᠢ᠃

ᠪᠣᠬᠢᠷᠲᠤᠯ᠎ᠤᠨ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠁ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠬᠠᠮᠲᠤ᠎ᠪᠠᠷ ᠪᠠᠶ᠋ᠢᠭᠤᠯᠤᠨ᠎ᠠ᠃

ᠪᠢᠳᠡ ᠭᠠᠷ ᠭᠠᠷ ᠵᠶ᠋ᠠᠨ ᠬᠤᠯᠪᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠍ᠯᠡᠨ ᠵᠠᠰᠠᠬᠤ ᠠᠵᠢᠯ᠎ᠢ ᠣᠢ᠌ᠯᠠᠭ᠋ᠠᠨ ᠲᠡᠮᠵᠢᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯᠯᠠᠭ᠎ᠠ᠎ᠳᠤ ᠣᠷᠣᠯᠴᠠᠶ᠎ᠠ᠂ ᠴᠡᠯᠮᠡᠭ ᠬᠥᠬᠡ ᠣᠭᠲᠠᠷᠭᠤᠶ ᠲᠠ ᠪᠢᠳᠡᠨ᠎ᠤ ᠴᠢᠷᠮᠠᠶ᠋ᠢᠯᠭ᠎ᠠ᠎ᠳᠤ ᠲᠦᠰᠢᠭᠯᠡᠨ᠎ᠡ᠃