ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠮᠡᠳᠡᠯᠭᠡ (ᠨᠢᠭᠡ ᠵᠠᠭᠤ ᠨᠠᠶᠠ)
ᠨᠡᠶ᠋ᠢᠲᠡᠯᠡᠭᠰᠡᠨ ᠴᠠᠭ᠄ 2020-01-08

      ᠠᠮᠢᠳᠦ ᠪᠤᠳᠠᠰ᠎ᠤᠨ ᠤᠯᠠᠨ ᠶᠠᠩᠵᠤᠳᠤ ᠴᠢᠨᠠᠷ᠎ᠢ ᠬᠠᠮᠠᠭ᠋ᠠᠯᠠᠬᠠᠤ᠎ᠳᠤ ᠪᠢᠳᠡ ᠶᠠᠭ᠋ᠠᠬᠢᠵᠦ ᠬᠢᠪᠡᠯ ᠵᠤᠬᠢᠨ᠎ᠠ ᠪᠤᠢ?
      ᠠᠮᠢ ᠠᠬᠤᠢ ᠵᠢᠨ ᠰᠢᠰᠲᠸᠮ᠎ᠤᠨ ᠲᠤᠮᠳᠠ᠂ ᠪᠤᠳᠠᠭ᠋ᠠᠯᠢ ᠪᠡᠶ᠎ᠡ ᠵᠢᠨ ᠲᠦᠷᠦᠬᠦ ᠬᠦᠭᠰᠢᠷᠡᠬᠦ ᠡᠪᠡᠳᠴᠢᠯᠡᠬᠦ ᠦᠬᠦᠬᠦ᠂ ᠰᠢᠨ᠎ᠡ ᠪᠤᠳᠠᠰ᠎ᠤᠨ ᠡᠬᠦᠰᠬᠦ ᠪᠠ ᠨᠢᠬᠡᠨᠳᠡ ᠪᠠᠢ᠌ᠭᠰᠠᠨ ᠲᠦᠷᠰᠦ ᠵᠢᠨ ᠰᠦᠨᠦᠬᠦ᠎ᠨᠢ᠂ ᠪᠦᠷ ᠡᠬᠡ ᠪᠠᠢ᠌ᠭ᠋ᠠᠯᠢ ᠵᠢᠨ ᠨᠢᠭᠡ ᠭᠡᠰᠡᠭ ᠶᠤᠮ᠃ ᠭᠡᠪᠡᠴᠦ ᠬᠦᠮᠦᠨ ᠲᠦᠷᠦᠯᠬᠢᠳᠡᠨ᠎ᠤ ᠠᠵᠢᠯᠯᠠᠭ᠋ᠠᠨ᠎ᠤ ᠨᠦᠯᠦᠭᠡᠨ ᠲᠤᠤᠷ᠎ᠠ᠂ ᠤᠳᠤ ᠵᠢᠨ ᠲᠦᠷᠰᠦ ᠵᠢᠨ ᠰᠦᠨᠦᠬᠦ ᠬᠤᠷᠳᠤᠴᠠ᠎ᠨᠢ ᠨᠢᠭᠡᠨᠳᠡ ᠬᠡᠪ᠎ᠤᠨ ᠪᠠᠢ᠌ᠳᠠᠯ᠎ᠤᠨ 1000 ᠲᠠᠬᠢᠨ ᠪᠤᠯᠵᠠᠢ᠃
      ᠵᠢᠭ᠋ᠠᠬᠤ ᠮᠠᠲᠸᠷᠢᠶᠠᠯ᠎ᠳᠤ ᠪᠠᠢ᠌ᠳᠠᠭ ᠰᠤᠩᠭᠤᠳᠠᠭ ᠤᠯᠤᠮ᠎ᠤᠨ ᠰᠢᠪᠠᠭᠤ᠂ ᠤᠭᠤᠳᠠᠳᠤ ᠴᠢᠨ᠋ᠸ᠎ᠠ ᠵᠢᠨ ᠣᠰᠠᠳᠤᠭᠰᠠᠨ ᠴᠦ᠍ ᠲᠡᠷᠡ᠂ 2018 ᠤᠨ᠎ᠤ 3 ᠰᠠᠷ᠎ᠠ ᠵᠢᠨ ᠲᠡᠯᠡᠭᠡᠢ ᠵᠢᠨ ᠬᠠᠮᠤᠭ ᠰᠡᠬᠦᠯᠴᠢ ᠵᠢᠨ ᠨᠢᠭᠡ ᠤᠮᠠᠷᠠᠳᠤ ᠵᠢᠨ ᠡᠷᠡᠭᠴᠢᠨ ᠴᠠᠭ᠋ᠠᠨ ᠬᠢᠷᠢᠰ ᠰᠦᠳᠡᠨ᠎ᠤ ᠤᠰᠠᠳᠤᠭᠰᠠᠨ᠎ᠨᠢ ᠴᠦ᠍ ᠲᠡᠷᠡ᠂ ᠪᠦᠷ ᠠᠮᠢᠳᠤ ᠪᠤᠳᠠᠰ᠎ᠤᠨ ᠤᠯᠠᠨ ᠶᠠᠩᠵᠦᠳᠤ ᠴᠢᠨᠠᠷ᠎ᠤᠨ ᠠᠯᠳᠠᠭᠳᠠᠯ᠎ᠳᠤ ᠰᠡᠷᠡᠮᠵᠢ ᠵᠢᠨ ᠬᠤᠩᠬᠤ ᠵᠢ ᠲᠠᠰᠤᠷᠠᠯᠳᠠ ᠦᠭᠡᠢ ᠬᠠᠩᠭᠢᠨᠠᠭᠤᠯᠵᠦ ᠪᠠᠢ᠌ᠨ᠎ᠠ᠃



      ᠰᠦᠳᠡᠨ᠎ᠳᠤ ᠠᠮᠤᠷᠯᠢᠩᠭᠤᠢ ᠦᠬᠦᠯ᠎ᠢ ᠬᠡᠷᠡᠭᠵᠢᠬᠦᠯᠬᠦ᠎ᠠᠴᠠ ᠡᠮᠦᠨ᠎ᠡ᠂ ᠺᠸᠨᠢᠶᠠ ᠵᠢᠨOl Pejeta ᠬᠠᠮᠠᠭ᠋ᠠᠯᠠᠯᠳᠠ ᠵᠢᠨ ᠲᠤᠭᠤᠷᠢᠭ᠎ᠤᠨ ᠠᠷᠠᠴᠢᠯᠠᠨ ᠲᠡᠵᠢᠭᠡᠭᠴᠢ Joseph Wachira ᠭᠤᠨᠢᠭ᠎ᠲᠠᠢ᠎ᠪᠠᠷ ᠲᠡᠬᠦᠨ᠎ᠢ ᠠᠷᠭ᠋ᠠᠳᠠᠵᠦ ᠪᠠᠢ᠌ᠨ᠎ᠠ᠃   ᠵᠢᠷᠤᠭ᠄ cnn.com


      ᠶᠠᠭ᠋ᠠᠬᠢᠵᠦ ᠠᠮᠢᠳᠤ ᠪᠤᠳᠠᠰ᠎ᠤᠨ ᠤᠯᠠᠨ ᠶᠠᠩᠵᠤᠳᠣ ᠴᠢᠨᠠᠷ᠎ᠢ ᠬᠠᠮᠠᠭ᠋ᠠᠯᠠᠬᠤ ᠪᠤᠢ?
      ᠲᠦᠷᠰᠦ ᠵᠢᠨ ᠰᠦᠨᠦᠬᠦ ᠪᠠ ᠠᠮᠢᠳᠤ ᠪᠤᠳᠠᠰ᠎ᠤᠨ ᠣᠯᠠᠨ ᠶᠠᠩᠵᠤᠳᠦ ᠴᠢᠨᠠᠷ᠎ᠤᠨ ᠠᠯᠳᠠᠭᠳᠠᠯ᠎ᠤᠨ ᠬᠤᠷᠳᠤᠴᠠ ᠵᠢ ᠤᠳᠠᠭ᠋ᠠᠰᠢᠷᠡᠭᠤᠯᠬᠤ ᠵᠢᠨ ᠲᠦᠯᠦᠭᠡ᠂ ᠬᠦᠮᠦᠰ ᠬᠠᠮᠠᠭ᠋ᠠᠯᠠᠯᠳᠠ ᠵᠢᠨ ᠭᠠᠵᠠᠷ ᠪᠠᠢ᠌ᠭᠤᠯᠬᠤ ᠵᠢ ᠰᠤᠩᠭᠤᠵᠦ᠂ ᠡᠨᠡ᠎ᠨᠢ ᠤᠯᠠᠨ᠎ᠳᠤ ᠮᠡᠳᠡᠷᠡᠭᠳᠡᠭᠰᠡᠨ ᠬᠠᠷᠢᠴᠠᠩᠭᠤᠢ ᠪᠦᠳᠦᠮᠵᠢᠳᠠᠢ ᠠᠷᠭ᠎ᠠ ᠬᠡᠯᠪᠡᠷᠢ ᠪᠤᠯᠵᠠᠢ᠃ ᠲᠡᠯᠡᠬᠡᠢ ᠵᠢᠨ ᠪᠠᠢ᠌ᠭ᠋ᠠᠯᠢ ᠵᠢᠨ ᠬᠠᠮᠠᠭ᠋ᠠᠯᠠᠯᠳᠠ ᠵᠢᠨ ᠬᠤᠯᠪᠤᠭ᠎ᠠ᠎ᠨᠢ (IUCN) ᠬᠠᠮᠠᠭ᠋ᠠᠯᠠᠯᠳᠠ ᠵᠢᠨ ᠭᠠᠵᠠᠷ ᠵᠢ ᠢᠩᠭᠢᠵᠦ ᠲᠤᠭᠳᠠᠭ᠋ᠠᠪᠠ᠄ ᠬᠠᠤᠯᠢ ᠴᠠᠭ᠋ᠠᠵᠠ ᠪᠤᠯᠤᠨ ᠪᠤᠰᠤᠳ ᠪᠦᠳᠦᠮᠵᠢᠳᠠᠢ ᠠᠷᠭ᠎ᠠ ᠬᠡᠮᠵᠢᠶ᠎ᠡ᠎ᠪᠠᠷ ᠲᠠᠮᠵᠢᠭᠤᠯᠤᠨ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠂ ᠪᠠᠢ᠌ᠭ᠋ᠠᠯᠢ ᠪᠤᠯᠤᠨ ᠰᠤᠶᠤᠯ᠎ᠤᠨ ᠡᠬᠢ ᠪᠠᠶᠠᠯᠢᠭ᠎ᠤᠨ ᠭᠠᠵᠠᠷ ᠰᠢᠷᠤᠢ ᠪᠤᠶᠤ ᠲᠠᠯᠠᠢ ᠲᠠᠩᠭᠢᠰ᠎ᠢ ᠬᠠᠮᠠᠭ᠋ᠠᠯᠠᠬᠤ ᠪᠠ ᠠᠷᠠᠴᠢᠯᠠᠬᠤ ᠪᠤᠯᠤᠨ᠎ᠠ᠃
      ᠲᠡᠭᠡᠪᠡᠯ᠂ ᠬᠠᠮᠠᠭ᠋ᠠᠯᠠᠯᠳᠠ ᠵᠢᠨ ᠭᠠᠵᠠᠷ᠎ᠢ ᠴᠤᠬᠤᠮ ᠬᠠᠮᠢᠭ᠎ᠠ ᠪᠠᠢ᠌ᠭᠤᠯᠵᠦ᠂ ᠬᠡᠳᠦᠢ ᠵᠢ ᠪᠠᠢ᠌ᠭᠤᠯᠪᠠᠯ᠂ ᠰᠠᠶᠢ ᠪᠦᠳᠦᠮᠵᠢᠳᠠᠢ᠎ᠪᠠᠷ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ ᠪᠠ ᠠᠮᠢ ᠠᠬᠤᠢ ᠵᠢᠨ ᠰᠢᠰᠲᠸᠮ᠎ᠢ ᠬᠠᠮᠠᠭ᠋ᠠᠯᠠᠵᠦ ᠴᠢᠳᠠᠨ᠎ᠠ ᠪᠤᠢ? ᠬᠠᠮᠠᠭ᠋ᠠᠯᠠᠯᠳᠠ ᠵᠢᠨ ᠭᠠᠵᠠᠷ᠎ᠢ ᠬᠠᠮᠢᠭ᠎ᠠ ᠪᠠᠢ᠌ᠭᠤᠯᠬᠤ ᠠᠰᠠᠭᠤᠳᠠᠯ᠎ᠤᠨ ᠲᠤᠬᠠᠢ᠂ ᠠᠳᠠᠯᠢ ᠪᠤᠰᠤ ᠱᠠᠳᠤ ᠦᠶ᠎ᠡ ᠵᠢ ᠦᠩᠭᠡᠷᠡᠭᠡᠭᠰᠡᠨ ᠶᠤᠮ —— ᠬᠠᠮᠤᠭ ᠠᠩᠬᠠᠨ᠎ᠤ ᠦᠶ᠎ᠡ ᠵᠢᠨ ᠲᠤᠯᠤᠭ᠋ᠠᠢ᠎ᠪᠠᠨ ᠠᠯᠠᠭ᠋ᠠᠳᠠᠨ ᠭᠠᠵᠠᠷ᠎ᠤᠨ ᠵᠢᠷᠤᠭ ᠲᠡᠭᠡᠷ᠎ᠡ ᠲᠤᠭᠤᠷᠢᠭ ᠵᠢᠷᠤᠬᠤ᠂ ᠡᠰᠡᠬᠦᠯ᠎ᠡ ᠪᠠᠴᠢᠮ ᠠᠪᠤᠷᠠᠯᠳᠠ ᠵᠢᠨ ᠮᠠᠶᠢᠭ᠎ᠤᠨ ᠤᠬᠤᠷ ᠬᠤᠭᠤᠴᠠᠭ᠋ᠠᠨ᠎ᠤ ᠲᠤᠳᠤᠷ᠎ᠠ ᠨᠢᠭᠡ ᠪᠦᠯᠦᠭ᠎ᠢ ᠶᠡᠬᠡ᠎ᠪᠠᠷ ᠪᠠᠢ᠌ᠭᠤᠯᠬᠤ᠎ᠠᠴᠠ᠂ ᠰᠡᠬᠦᠯ᠎ᠤᠨ ᠦᠶ᠎ᠡ ᠵᠢᠨ ᠰᠢᠰᠲᠸᠮ᠎ᠲᠠᠢ᠎ᠪᠠᠷ ᠠᠮᠢ ᠠᠬᠤᠢ ᠵᠢᠨ ᠰᠢᠰᠲᠸᠮ᠎ᠤᠨ ᠲᠦᠷᠦᠯ ᠠᠩᠭᠢᠯᠠᠯ᠂ ᠤᠰᠠᠳᠬᠤ ᠤᠢ᠌ᠷᠠᠳᠤᠭᠰᠠᠨ ᠪᠤᠯᠤᠨ ᠤᠨᠴᠠᠭ᠋ᠠᠢ ᠲᠦᠷᠰᠦ ᠵᠢᠨ ᠲᠠᠷᠬᠠᠯᠳᠠ ᠵᠢᠨ ᠪᠠᠢ᠌ᠳᠠᠯ ᠵᠶ᠋ᠠᠷ ᠬᠠᠮᠠᠭ᠋ᠠᠯᠠᠯᠳᠠ ᠵᠢᠨ ᠰᠦᠯᠵᠢᠶ᠎ᠡ ᠵᠢ ᠲᠦᠯᠦᠪᠵᠢᠬᠦᠯᠬᠦ ᠪᠤᠯᠪᠠ᠃ ᠶᠠᠷᠦᠩᠭᠡᠢ᠎ᠳᠤ᠎ᠨᠢ ᠠᠪᠴᠦ ᠬᠡᠯᠡᠪᠡᠯ᠂ ᠬᠠᠮᠠᠭ᠋ᠠᠯᠠᠯᠳᠠ ᠵᠢᠨ ᠭᠠᠵᠠᠷ᠎ᠤᠨ ᠰᠤᠩᠭᠤᠯᠳᠠ ᠪᠠ ᠪᠦᠳᠦᠭᠡᠨ ᠪᠠᠢ᠌ᠭᠤᠯᠤᠯᠳᠠ᠎ᠨᠢ ᠶᠠᠭ ᠰᠢᠨᠵᠢᠯᠡᠬᠦ ᠤᠬᠠᠭ᠋ᠠᠨᠴᠢ ᠰᠢᠨᠵᠢ᠂ ᠵᠦᠢ ᠵᠤᠬᠢᠰᠳᠤ ᠰᠢᠨᠵᠢ ᠵᠢᠨ ᠬᠠᠨᠳᠤᠰᠢ᠎ᠲᠠᠢ ᠪᠤᠯᠵᠦ ᠪᠠᠢ᠌ᠨ᠎ᠠ᠃



      ᠬᠠᠮᠠᠭ᠋ᠠᠯᠠᠯᠳᠠ ᠵᠢᠨ ᠭᠠᠵᠠᠷ᠎ᠢ ᠬᠡᠳᠦᠢ ᠵᠢ ᠪᠠᠢ᠌ᠭᠤᠯᠪᠠᠯ ᠵᠤᠬᠢᠬᠤ ᠠᠰᠠᠭᠤᠳᠠᠯ᠎ᠳᠤ᠂ 2010 ᠤᠨ᠎ᠳᠤ᠂ ᠶᠠᠫᠦᠨ᠎ᠤ ᠨᠠᠭᠤᠶᠠ᠎ᠳᠤ ᠬᠤᠷᠠᠯᠳᠤᠭᠰᠠᠨ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠤᠨ ᠨᠡᠢ᠌ᠳᠡ ᠵᠢᠨ ᠭᠡᠷ᠎ᠡ ᠵᠢ ᠪᠠᠢ᠌ᠭᠤᠯᠤᠭᠰᠠᠨ ᠲᠠᠯ᠎ᠠ ᠵᠢᠨ ᠶᠡᠬᠡ ᠬᠤᠷᠠᠯ᠎ᠤᠨ ᠠᠷᠪᠠᠳᠤᠭ᠋ᠠᠷ ᠣᠳᠠᠭ᠋ᠠᠨ᠎ᠤ ᠬᠤᠷᠠᠯᠳᠤᠭ᠋ᠠᠨ ᠲᠡᠭᠡᠷ᠎ᠡ᠂ ᠰᠢᠨᠵᠢᠯᠡᠬᠦ ᠤᠬᠠᠭ᠋ᠠᠨᠳᠠᠳ ᠨᠢᠭᠡ ᠬᠠᠷᠠᠯᠳᠠ ᠵᠢ ᠲᠤᠷᠠᠳᠤᠨ ᠭᠠᠷᠭ᠋ᠠᠪᠠ᠄ 2020 ᠤᠨ᠎ᠳᠤ᠂ ᠬᠠᠮᠤᠭ ᠪᠠᠭ᠎ᠠ᠎ᠳᠤ᠎ᠪᠠᠨ 17% ᠵᠢᠨ ᠡᠬᠡ ᠭᠠᠵᠠᠷ ᠪᠤᠯᠤᠨ ᠲᠤᠳᠤᠭ᠋ᠠᠳᠤ ᠬᠠᠭᠤᠷᠠᠢ ᠵᠢᠨ ᠤᠰᠤᠨ ᠤᠷᠤᠨ ᠪᠤᠯᠤᠨ ᠬᠠᠮᠤᠭ ᠪᠠᠭ᠎ᠠ᠎ᠳᠤ᠎ᠪᠠᠨ 10% ᠵᠢᠨ ᠲᠠᠯᠠᠢ ᠲᠠᠭ᠋ᠠᠤ ᠪᠠ ᠲᠠᠯᠠᠢ ᠲᠠᠩᠭᠢᠰ᠎ᠤᠨ ᠤᠷᠤᠨ ᠪᠦᠰᠡ ᠵᠢ ᠬᠠᠮᠠᠭ᠋ᠠᠯᠠᠨ᠎ᠠ᠃ 2014 ᠤᠨ᠎ᠤ IUCN ᠵᠢᠨ ᠲᠡᠯᠡᠬᠡᠢ ᠵᠢᠨ ᠴᠡᠴᠡᠷᠯᠢᠭ᠎ᠤᠨ ᠶᠡᠬᠡ ᠬᠤᠷᠠᠯ᠎ᠠᠴᠠ᠂ ᠲᠠᠯᠠᠢ ᠲᠠᠩᠭᠢᠰ᠎ᠤᠨ ᠬᠠᠮᠠᠭ᠋ᠠᠯᠠᠯᠳᠠ ᠵᠢᠨ ᠬᠠᠷᠢᠴᠠᠯ᠎ᠢ ᠬᠠᠮᠤᠭ ᠪᠠᠭ᠎ᠠ᠎ᠳᠤ᠎ᠪᠠᠨ 30%᠎ᠠᠴᠠ ᠲᠡᠭᠡᠭᠰᠢ ᠪᠤᠯᠭ᠋ᠠᠨ ᠲᠡᠭᠡᠭᠰᠢᠯᠡᠬᠦᠯᠬᠦ ᠭᠡᠷᠡᠭᠳᠠᠢ ᠭᠡᠵᠦ ᠦᠵᠡᠪᠡ᠃


      ᠬᠡᠳᠦᠢ ᠵᠢ ᠬᠠᠮᠠᠭ᠋ᠠᠯᠠᠬᠤ ᠪᠤᠢ? ᠬᠠᠭ᠋ᠠᠰ ᠲᠡᠯᠡᠬᠡᠢ ᠵᠢᠨ ᠪᠦᠮᠪᠦᠷᠴᠡᠭ!
      ᠠᠯᠳᠠᠷᠳᠤ ᠠᠮᠢᠳᠤ ᠪᠤᠳᠠᠰ᠎ᠢ ᠬᠠᠮᠠᠭ᠋ᠠᠯᠠᠬᠤ ᠤᠬᠠᠭ᠋ᠠᠨᠳᠠᠨ ᠡᠸᠳᠸᠷᠯᠳ᠋· ᠸᠢᠯᠰᠤᠨ 2016 ᠤᠨ᠎ᠳᠤ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ᠎ᠤᠨ ᠠᠯᠳᠠᠭᠳᠠᠯ᠎ᠢ ᠬᠤᠷᠢᠭᠯᠠᠨ᠂ ᠨᠡᠩ ᠤᠯᠠᠨ ᠬᠦᠮᠦᠨ ᠲᠦᠷᠦᠯᠬᠢᠳᠡᠨ ᠨᠢᠭᠤᠷ ᠤᠴᠠᠷᠠᠵᠦ ᠪᠠᠢ᠌ᠭ᠎ᠠ ᠦᠭᠡᠢ ᠲᠦᠷᠰᠦ ᠵᠢᠨ ᠰᠦᠨᠦᠯ᠎ᠢ ᠬᠤᠷᠢᠭᠯᠠᠬᠤ ᠵᠢᠨ ᠲᠦᠯᠦᠭᠡ᠂ ᠪᠢᠳᠡ ᠬᠠᠭ᠋ᠠᠰ ᠲᠡᠯᠡᠬᠡᠢ ᠵᠢᠨ ᠪᠦᠮᠪᠦᠷᠴᠡᠭ᠎ᠢ ᠬᠠᠮᠠᠭ᠋ᠠᠯᠠᠬᠤ ᠴᠢᠬᠤᠯᠳᠠᠢ ᠭᠡᠵᠦ ᠲᠤᠷᠠᠳᠤᠨ ᠭᠠᠷᠭ᠋ᠠᠪᠠ᠃ ᠡᠸᠳᠸᠷᠯᠳ᠋· ᠸᠢᠯᠰᠤᠨ ᠠᠷᠠᠯ ᠤᠯᠳᠤᠷᠢᠭ᠎ᠤᠨ ᠠᠮᠢᠳᠤ ᠪᠤᠳᠠᠰ ᠭᠠᠵᠠᠷ ᠵᠦᠢ ᠵᠢᠨ ᠤᠬᠠᠭ᠋ᠠᠨ᠎ᠢ ᠦᠨᠳᠦᠰᠦᠯᠡᠨ ᠰᠤᠳᠤᠯᠵᠦ ᠭᠠᠷᠭ᠋ᠠᠭᠰᠠᠨ᠎ᠨᠢ᠂ ᠬᠠᠭ᠋ᠠᠰ ᠡᠬᠡ ᠭᠠᠵᠠᠷ ᠪᠠ ᠲᠠᠯᠠᠢ ᠲᠠᠩᠭᠢᠰ᠎ᠢ ᠬᠠᠮᠠᠭ᠋ᠠᠯᠠᠪᠠᠯ᠂ 84% ᠵᠢᠨ ᠲᠦᠷᠰᠦ ᠵᠢ ᠤᠷᠤᠰᠢᠨ ᠠᠮᠢᠳᠤᠷᠠᠭᠤᠯᠵᠦ᠂ ᠲᠡᠯᠡᠬᠡᠢ ᠵᠢᠨ ᠪᠦᠮᠪᠦᠷᠴᠡᠭ ᠲᠡᠭᠡᠷᠡᠬᠢ ᠠᠮᠢᠳᠤ ᠪᠤᠳᠠᠰ᠎ᠤᠨ ᠠᠮᠤᠷ ᠲᠦᠪᠰᠢᠨ᠎ᠢ ᠪᠠᠳᠤᠯᠠᠵᠦ ᠴᠢᠳᠠᠨ᠎ᠠ᠃
      ᠪᠠᠰᠠ ᠨᠢᠭᠡ ᠠᠳᠠᠯᠢᠪᠳᠤᠷ ᠲᠦᠯᠦᠪᠯᠡᠭᠡ ᠵᠢ 〈〈ᠡᠬᠡ ᠪᠠᠢ᠌ᠭ᠋ᠠᠯᠢ ᠬᠠᠭ᠋ᠠᠰ᠎ᠢ ᠭᠡᠷᠡᠭᠰᠡᠨ᠎ᠡ〉〉 (Nature needs half) ᠭᠡᠳᠡᠭ᠄ 2050 ᠤᠨ᠎ᠠᠴᠠ ᠡᠮᠦᠨ᠎ᠡ ᠲᠡᠯᠡᠬᠡᠢ ᠵᠢᠨ ᠪᠦᠮᠪᠦᠷᠴᠡᠭ ᠲᠡᠭᠡᠷᠡᠬᠢ 846 ᠠᠮᠢ ᠠᠬᠤᠢ ᠵᠢᠨ ᠤᠷᠤᠨ᠎ᠤ 50% ᠵᠢᠨ ᠲᠠᠯᠠᠪᠠᠢ ᠵᠢ ᠬᠠᠮᠠᠭ᠋ᠠᠯᠠᠨ᠎ᠠ᠂ ᠢᠩᠭᠢᠪᠡᠯ ᠰᠠᠶᠢ ᠪᠦᠳᠦᠮᠵᠢᠳᠠᠢ᠎ᠪᠠᠷ ᠵᠢᠷᠭᠤᠳᠤᠭ᠋ᠠᠷ ᠣᠳᠠᠭ᠋ᠠᠨ᠎ᠤ ᠲᠦᠷᠰᠦ ᠵᠢᠨ ᠶᠡᠬᠡ   ᠤᠰᠠᠳᠤᠯ᠎ᠤᠨ ᠢᠷᠡᠬᠦ᠎ᠠᠴᠠ ᠵᠠᠢ᠌ᠯᠠᠰᠬᠢᠵᠦ ᠴᠢᠳᠠᠨ᠎ᠠ᠃ ᠲᠡᠭᠡᠪᠡᠯ᠂ ᠲᠡᠯᠡᠬᠡᠢ ᠵᠢᠨ ᠪᠦᠮᠪᠦᠷᠴᠡᠭ᠎ᠤᠨ ᠬᠠᠭ᠋ᠠᠰ ᠲᠠᠯᠠᠪᠠᠢ ᠵᠢ ᠬᠠᠮᠠᠭ᠋ᠠᠯᠠᠪᠠᠯ᠂ ᠦᠨᠡᠭᠡᠷ ᠠᠮᠢᠳᠤ ᠪᠤᠳᠠᠰ᠎ᠤᠨ ᠤᠯᠠᠨ ᠶᠠᠩᠵᠤᠳᠦ ᠴᠢᠨᠠᠷ᠎ᠤᠨ ᠬᠠᠮᠠᠭ᠋ᠠᠯᠠᠯᠳᠠ ᠵᠢᠨ ᠱᠠᠭ᠋ᠠᠷᠳᠠᠯᠭ᠎ᠠ ᠵᠢ ᠬᠠᠩᠭ᠋ᠠᠵᠦ ᠴᠢᠳᠠᠨ᠎ᠠ ᠭᠡᠵᠦ ᠤᠤ?



      ᠡᠨᠡᠳᠭᠡᠭ᠎ᠤᠨ Bandipur ᠤᠯᠤᠰ᠎ᠤᠨ ᠴᠡᠴᠡᠷᠯᠢᠭ᠎ᠳᠤ ᠠᠮᠢᠳᠤᠷᠠᠵᠦ ᠪᠠᠢ᠌ᠭ᠎ᠠ ᠴᠢᠨᠤᠨᠴᠢᠷ (Cuon alpinus)᠂ ᠪᠦᠬᠦ ᠪᠦᠮᠪᠦᠷᠴᠡᠭ᠎ᠤᠨ ᠲᠤᠭ᠎ᠠ ᠬᠡᠮᠵᠢᠶ᠎ᠡ᠎ᠨᠢ ᠪᠠᠭᠤᠷᠠᠵᠦ᠂ IUCN᠎ᠠᠴᠠ ᠤᠰᠠᠳᠬᠤ᠎ᠳᠤ ᠤᠢ᠌ᠷᠠᠳᠤᠭᠰᠠᠨ (EN) ᠭᠡᠵᠦ ᠦᠨᠡᠯᠡᠪᠡ᠃ ᠵᠢᠷᠤᠭ᠄ ᠯᠢ ᠪᠢᠨ ᠪᠢᠨ


      ᠠᠯᠢ ᠬᠠᠭ᠋ᠠᠰ᠎ᠢ ᠬᠠᠮᠠᠭ᠋ᠠᠯᠠᠬᠤ ᠤᠤ?
      ᠬᠠᠭ᠋ᠠᠰ ᠪᠦᠮᠪᠦᠷᠴᠡᠭ᠎ᠤᠨ ᠲᠦᠯᠦᠪᠯᠡᠭᠡ᠎ᠳᠤ᠂ ᠬᠠᠮᠤᠭ ᠠᠮᠠᠷᠬᠠᠨ ᠪᠠᠶᠠᠯᠡᠬᠦ᠎ᠨᠢ ᠲᠠᠷᠤᠢ ᠬᠦᠮᠦᠨ ᠲᠦᠷᠦᠯᠬᠢᠳᠡᠨ᠎ᠤ ᠨᠢᠭᠳᠠᠴᠠ ᠪᠠᠭ᠎ᠠ ᠭᠠᠵᠠᠷ ᠤᠷᠤᠨ᠎ᠢ ᠤᠷᠢᠳᠠᠪᠡᠷ ᠬᠠᠮᠠᠭ᠋ᠠᠯᠠᠯᠳᠠ ᠵᠢᠨ ᠭᠠᠵᠠᠷ᠎ᠳᠤ ᠪᠠᠭᠳᠠᠭ᠋ᠠᠬᠤ ᠪᠤᠯᠤᠨ᠎ᠠ᠂ ᠤᠴᠢᠷ᠎ᠨᠢ ᠨᠡᠢ᠌ᠬᠡᠮ ᠲᠤᠭᠤᠷᠢᠭ ᠡᠰᠡᠬᠦᠯ᠎ᠡ ᠠᠵᠦ ᠠᠬᠤᠢ ᠵᠢᠨ ᠵᠠᠷᠤᠳᠠᠯ᠎ᠤᠨ ᠠᠯᠢ ᠨᠢᠭᠡ ᠲᠠᠯ᠎ᠠ᠎ᠠᠴᠠ ᠠᠪᠴᠦ ᠬᠡᠯᠡᠭᠰᠡᠨ ᠴᠦ᠍᠂ ᠡᠨᠡ᠎ᠨᠢ ᠬᠠᠮᠤᠭ᠎ᠤᠨ ᠲᠦᠬᠦᠮ ᠠᠵᠢᠯ ᠶᠤᠮ᠃ ᠲᠡᠭᠡᠪᠡᠯ᠂ ᠡᠨᠡ᠎ᠨᠢ ᠦᠨᠡᠭᠡᠷ ᠪᠦᠳᠦᠮᠵᠢᠳᠠᠢ ᠠᠷᠭ᠎ᠠ ᠮᠦᠨ ᠤᠤ?



      ᠬᠠᠬᠢᠷ ᠬᠦᠢ᠍ᠳᠡᠨ ᠡᠮᠦᠨᠡᠳᠦ ᠲᠤᠢ᠌ᠯ᠎ᠤᠨ ᠶᠡᠬᠡ ᠬᠠᠭᠤᠷᠠᠢ ᠲᠡᠭᠡᠷ᠎ᠡ ᠲᠦᠮᠡ ᠮᠢᠩᠭ᠋ᠠᠨ ᠠᠮᠢᠳᠠᠨ᠎ᠢ ᠲᠡᠵᠢᠭᠡᠨ ᠦᠰᠭᠡᠬᠡᠵᠦ ᠪᠠᠢ᠌ᠳᠠᠭ᠂ 1 ᠰᠠᠷ᠎ᠠ ᠵᠢᠨ ᠡᠬᠢᠨ᠎ᠳᠤ᠂ ᠪᠠᠪᠤᠶᠠ ᠵᠢᠨ ᠶᠠᠪᠠᠭ᠋ᠠᠨ ᠭᠠᠯᠠᠭᠤᠨ᠎ᠤ ᠴᠤᠷᠪᠠᠭ᠎ᠠ᠎ᠨᠢ ᠨᠢᠭᠡᠨᠳᠡ ᠶᠠᠩᠵᠦ ᠰᠢᠨᠵᠢ᠎ᠨᠢ ᠪᠦᠷᠢᠯᠳᠦᠨ᠂ ᠶᠠᠮᠠᠷ ᠴᠦ᠍ ᠰᠡᠷᠡᠮᠵᠢ ᠦᠭᠡᠢ᠎ᠪᠠᠷ 〈〈ᠪᠦᠭᠰᠡ᠎ᠪᠠᠨ ᠦᠨᠳᠡᠢ᠌ᠯᠭᠡᠨ ᠰᠢᠩᠭᠡᠨ᠎ᠪᠠᠨ ᠰᠦᠷᠴᠢᠬᠦ〉〉 ᠵᠢ ᠴᠦ᠍ ᠬᠤᠷᠳᠤᠨ ᠰᠤᠷᠴᠠᠢ᠃ ᠵᠢᠷᠤᠭ᠄ ᠯᠢ ᠪᠢᠨ ᠪᠢᠨ


      ᠠᠮᠢᠳᠤ ᠪᠤᠳᠠᠰ᠎ᠤᠨ ᠤᠯᠠᠨ ᠶᠡᠩᠵᠤᠳᠤ ᠴᠢᠨᠠᠷ᠎ᠢ ᠬᠠᠮᠤᠭ ᠶᠡᠬᠡ ᠬᠡᠮᠵᠢᠶᠡᠨ᠎ᠳᠤ ᠬᠠᠮᠠᠭ᠋ᠠᠯᠠᠬᠤ᠎ᠳᠤ ᠠᠪᠴᠦ ᠬᠡᠯᠡᠪᠡᠯ᠂ ᠡᠭᠡᠷᠡᠮ᠎ᠡ ᠲᠠᠯ᠎ᠠ ᠵᠢ ᠬᠠᠮᠠᠭ᠋ᠠᠯᠠᠬᠤ᠎ᠪᠠᠷ ᠲᠠᠮᠵᠢᠨ ᠬᠠᠭ᠋ᠠᠰ ᠪᠦᠮᠪᠦᠷᠴᠡᠭ᠎ᠤᠨ ᠲᠦᠯᠦᠪᠯᠡᠭᠡ᠎ᠳᠤ ᠬᠦᠷᠬᠦ᠎ᠨᠢ ᠦᠨᠡᠨᠳᠡᠭᠡᠨ ᠬᠠᠮᠤᠭ᠎ᠤᠨ ᠪᠦᠳᠦᠮᠵᠢᠳᠠᠢ ᠪᠢᠰᠢ ᠶᠤᠮ᠃ ᠬᠠᠯᠠᠭᠤᠨ ᠪᠦᠰᠡ ᠵᠢᠨ ᠭᠠᠵᠠᠷ ᠤᠷᠤᠨ᠎ᠤ ᠡᠭᠡᠷᠡᠮ᠎ᠡ ᠲᠠᠯ᠎ᠠ ᠵᠢ ᠬᠠᠮᠠᠭ᠋ᠠᠯᠠᠬᠤ᠎ᠨᠢ ᠨᠡᠩ ᠤᠯᠠᠨ ᠲᠦᠷᠰᠦ᠎ᠳᠤ ᠬᠠᠮᠠᠭ᠋ᠠᠯᠠᠯᠳᠠ ᠬᠠᠩᠭ᠋ᠠᠬᠤ᠎ᠠᠴᠠ ᠭᠠᠳᠠᠨ᠎ᠠ᠂ ᠶᠡᠬᠡ ᠲᠠᠯᠠᠪᠠᠢ᠎ᠪᠠᠷ ᠪᠤᠰᠤᠳ ᠡᠭᠡᠷᠡᠮ᠎ᠡ ᠲᠠᠯ᠎ᠠ ᠵᠢᠨ ᠤᠷᠤᠨ ᠪᠦᠰᠡ ᠵᠢ ᠬᠠᠮᠠᠭ᠋ᠠᠯᠠᠬᠤ᠎ᠨᠢ ᠪᠦᠳᠦᠮᠵᠢᠳᠠᠢ᠎ᠪᠠᠷ ᠲᠦᠷᠰᠦ ᠵᠢᠨ ᠬᠠᠮᠠᠭ᠋ᠠᠯᠠᠯᠳᠠ ᠵᠢᠨ ᠬᠠᠷᠢᠴᠠᠯ᠎ᠢ ᠲᠡᠭᠡᠭᠰᠢᠯᠡᠬᠦᠯᠵᠦ ᠲᠡᠢ᠌ᠯᠬᠦ ᠦᠭᠡᠢ ᠶᠤᠮ᠃ ᠨᠢᠭᠡᠨᠳᠡ ᠪᠠᠢ᠌ᠭ᠎ᠠ ᠬᠠᠮᠠᠭ᠋ᠠᠯᠠᠯᠳᠠ ᠵᠢᠨ ᠭᠠᠵᠠᠷ᠎ᠳᠤ ᠴᠦ᠍ ᠪᠠᠭ᠎ᠠ ᠪᠤᠰᠤ ᠠᠰᠠᠭᠤᠳᠠᠯ ᠤᠷᠤᠰᠢᠵᠦ ᠪᠠᠢ᠌ᠨ᠎ᠠ᠂ ᠵᠢᠱ᠌ᠢᠶᠡᠯᠡᠪᠡᠯ ᠪᠦᠳᠦᠮᠵᠢᠳᠠᠢ᠎ᠪᠠᠷ ᠪᠦᠬᠦ ᠬᠠᠷᠠᠯᠳᠠ ᠵᠢᠨ ᠲᠦᠷᠰᠦ ᠵᠢ ᠬᠠᠮᠠᠭ᠋ᠠᠯᠠᠵᠦ ᠴᠢᠳᠠᠬᠤ ᠦᠭᠡᠢ ᠪᠠᠢ᠌ᠵᠦ᠂ ᠬᠠᠷᠢᠨ ᠲᠡᠳᠡᠭᠡᠷ ᠲᠠᠷᠬᠠᠯᠳᠠ ᠵᠢᠨ ᠤᠷᠤᠨ᠎ᠨᠢ ᠲᠤᠩ ᠪᠠᠭ᠎ᠠ ᠲᠦᠷᠰᠦ ᠵᠢ ᠬᠠᠮᠠᠭ᠋ᠠᠯᠠᠬᠤ ᠦᠶᠡᠰ᠂ ᠲᠡᠬᠦᠨ᠎ᠤ ᠦᠷ᠎ᠡ ᠪᠦᠳᠦᠮᠵᠢ᠎ᠨᠢ ᠬᠠᠷᠢᠨ ᠲᠦᠰᠦᠭᠡᠯᠡᠭᠰᠡᠨ᠎ᠠᠴᠠ ᠶᠡᠬᠡ ᠰᠠᠢ᠌ᠨ ᠪᠠᠢ᠌ᠳᠠᠭ᠃



      ᠲᠢᠶᠠᠨ ᠰᠢᠩ ᠤᠷᠳᠤ ᠮᠦᠴᠢᠳᠦ ᠰᠠᠷᠮᠠᠭᠴᠢᠨ᠂ 2017 ᠤᠨ᠎ᠳᠤ ᠢᠯᠡᠷᠡᠬᠦᠯᠦᠭᠰᠡᠨ ᠤᠷᠳᠦ ᠮᠦᠴᠢᠳᠦ ᠰᠠᠷᠮᠠᠭᠴᠢᠨ᠎ᠤ ᠰᠢᠨ᠎ᠡ ᠲᠦᠷᠦᠯ᠂ ᠵᠦᠪᠬᠡᠨ ᠲᠤᠮᠳᠠᠳᠤ ᠤᠯᠤᠰ᠎ᠤᠨ ᠶᠦᠨᠨᠠᠨ ᠪᠠ ᠵᠡᠷᠭᠡᠯᠡᠳᠡᠭᠡ ᠪᠢᠷᠮᠠ ᠵᠢᠨ ᠬᠢᠯᠢ᠎ᠳᠤ ᠲᠠᠷᠬᠠᠵᠦ ᠪᠠᠢ᠌ᠨ᠎ᠠ᠃ ᠲᠤᠮᠳᠠᠳᠤ ᠤᠯᠤᠰ᠎ᠲᠤ 150 ᠬᠦᠷᠬᠦ ᠦᠭᠡᠢ ᠪᠠᠢ᠌ᠵᠦ᠂ ᠭᠤᠷᠪᠠᠨ ᠭᠡᠰᠡᠭ ᠤᠷᠤᠨ᠎ᠳᠤ ᠲᠠᠷᠬᠠᠨ᠂ ᠡᠬᠦᠨ᠎ᠳᠤ ᠬᠤᠶᠠᠷ ᠲᠡᠷᠬᠠᠯᠳᠠ ᠵᠢᠨ ᠤᠷᠤᠨ᠎ᠨᠢ ᠭᠤᠤ ᠯᠢ ᠭᠦᠩ ᠠᠭᠤᠯᠠᠨ᠎ᠳᠤ ᠤᠷᠤᠰᠢᠵᠦ᠂ ᠪᠦᠳᠦᠮᠵᠢᠳᠠᠢ ᠬᠠᠮᠠᠭ᠋ᠠᠯᠠᠯᠳᠠ ᠵᠢ ᠤᠯᠪᠠ᠃ ᠵᠢᠷᠤᠭ᠄ ᠯᠢ ᠪᠢᠨ ᠪᠢᠨ


      ᠲᠤᠮᠳᠠᠳᠤ ᠤᠯᠤᠰ᠎ᠤᠨ ᠺᠦᠨ ᠱᠠᠨ ᠳ᠋ᠦᠺ ᠶᠡᠬᠡ ᠰᠤᠷᠭ᠋ᠠᠭᠤᠯᠢ ᠵᠢᠨ ᠤᠷᠴᠢᠨ ᠲᠤᠭᠤᠷᠢᠨ᠎ᠤ ᠰᠢᠨᠵᠢᠯᠡᠬᠦ ᠤᠬᠠᠭ᠋ᠠᠨ᠎ᠤ ᠲᠤᠰᠠᠯᠠᠭᠴᠢ ᠫᠷᠤᠹᠸᠰᠰᠤᠷ ᠯᠢ ᠪᠢᠨ ᠪᠢᠨ ᠬᠡᠯᠡᠬᠦ᠎ᠳᠤ᠎ᠪᠠᠨ᠄ 〈〈ᠭᠡᠷᠪᠡ ᠪᠢᠳᠡ ᠲᠦᠷᠰᠦ ᠵᠢᠨ ᠤᠰᠠᠳᠤᠯ᠎ᠢ ᠬᠠᠮᠤᠭ ᠶᠡᠬᠡ ᠬᠡᠮᠵᠢᠶ᠎ᠡ᠎ᠪᠠᠷ ᠬᠤᠷᠢᠭᠯᠠᠬᠤ ᠵᠢ ᠬᠦᠰᠡᠪᠡᠯ᠂ ᠬᠠᠮᠠᠭ᠋ᠠᠯᠠᠬᠤ ᠬᠠᠷᠠᠯᠳᠠ ᠵᠢᠨ ᠲᠦᠷᠰᠦ᠎ᠪᠠᠨ ᠦᠨᠳᠦᠰᠦᠯᠡᠨ ᠲᠤᠬᠢᠷᠠᠮᠵᠢᠳᠠᠢ ᠬᠠᠮᠠᠭ᠋ᠠᠯᠠᠯᠳᠠ ᠵᠢᠨ ᠤᠷᠤᠨ ᠪᠦᠰᠡ ᠵᠢ ᠰᠤᠩᠭᠤᠪᠠᠯ ᠵᠤᠬᠢᠨ᠎ᠠ᠂ ᠡᠰᠡᠬᠦᠯ᠎ᠡ ᠲᠦᠷᠰᠦ ᠵᠢᠨ ᠲᠦᠪᠯᠡᠷᠡᠭᠰᠡᠨ ᠪᠤᠯᠪᠠᠴᠦ ᠪᠦᠳᠦᠮᠵᠢᠳᠠᠢ ᠬᠠᠮᠠᠭ᠋ᠠᠯᠠᠯᠳᠠ ᠲᠤᠳᠠᠭᠳᠠᠵᠦ ᠪᠠᠢ᠌ᠭ᠎ᠠ ᠭᠠᠵᠠᠷ ᠤᠷᠤᠨ᠎ᠢ ᠰᠤᠩᠭᠤᠨ᠎ᠠ᠂ ᠬᠠᠷᠢᠨ ᠨᠢᠭᠡ ᠯᠡ ᠬᠡᠪ ᠵᠶ᠋ᠠᠷ ᠨᠡᠩ ᠶᠡᠬᠡ ᠲᠠᠯᠠᠪᠠᠢ ᠵᠢ ᠬᠦᠭᠡᠭᠡᠴᠡᠯᠳᠦᠵᠦ᠂ ᠬᠠᠮᠠᠭ᠋ᠠᠯᠠᠯᠳᠠ ᠵᠢᠨ ᠪᠠᠢ᠌ᠷᠢ ᠰᠠᠭᠤᠷᠢ ᠵᠢᠨ ᠬᠦᠨᠳᠦ ᠴᠢᠬᠤᠯᠠ ᠴᠢᠨᠠᠷ᠎ᠢ ᠤᠮᠳᠤᠭ᠋ᠠᠢ᠌ᠯᠠᠵᠤ ᠪᠤᠯᠬᠤ ᠦᠭᠡᠢ᠃〉〉



      ᠨᠢᠬᠡ ᠲᠦᠷᠦᠯ᠎ᠤᠨ Coeligena orina ᠭᠡᠭᠴᠢ ᠵᠦᠭᠡᠢ ᠰᠢᠪᠠᠭᠤ ᠵᠢᠨ ᠪᠦᠬᠦ ᠪᠦᠮᠪᠦᠷᠴᠡᠭ᠎ᠤᠨ ᠬᠡᠪᠴᠢᠶᠡᠨ᠎ᠲᠠᠬᠢ ᠲᠠᠷᠬᠠᠯᠳᠠ᠎ᠨᠢ ᠵᠦᠪᠬᠡᠨ 25 ᠲᠡᠭᠰᠢ ᠲᠦᠷᠪᠡᠯᠵᠢᠨ ᠺᠢᠯᠤᠮᠸᠲᠷ ᠪᠠᠢ᠌ᠵᠦ᠂ ᠠᠵᠠ᠎ᠲᠠᠢ᠎ᠨᠢ ᠬᠠᠭ᠋ᠠᠰ᠎ᠠᠴᠠ ᠲᠡᠭᠡᠭᠰᠢᠬᠢ ᠲᠠᠷᠬᠠᠯᠳᠠ ᠵᠢᠨ ᠤᠷᠤᠨ᠎ᠨᠢ ᠬᠠᠮᠠᠭ᠋ᠠᠯᠠᠯᠳᠠ ᠵᠢᠨ ᠬᠡᠪᠴᠢᠶᠡᠨ ᠲᠤᠳᠤᠷ᠎ᠠ ᠪᠠᠢ᠌ᠨ᠎ᠠ᠃ ᠵᠢᠷᠤᠭ᠄ Luis Mazariegos



      ᠬᠠᠮᠠᠭ᠋ᠠᠯᠠᠯᠳᠠ ᠵᠢᠨ ᠭᠠᠵᠠᠷ᠎ᠤᠨ ᠢᠷᠡᠭᠡᠳᠦᠢ
      ᠤᠳᠤ ᠲᠤᠩ ᠤᠯᠠᠨ ᠤᠯᠤᠰ᠎ᠤᠨ ᠬᠠᠮᠠᠭ᠋ᠠᠯᠠᠯᠳᠠ ᠵᠢᠨ ᠭᠠᠵᠠᠷ᠎ᠤᠨ ᠲᠠᠯᠠᠪᠠᠢ ᠵᠢᠨ ᠨᠡᠮᠡᠭᠳᠡᠯ᠎ᠨᠢ ᠨᠢᠭᠡᠨᠳᠡ ᠵᠠᠩᠭᠢᠷᠠᠭ᠎ᠠ᠎ᠳᠤ ᠤᠴᠠᠷᠠᠵᠦ᠂ ᠲᠡᠬᠢᠨ ᠤᠯᠠᠮᠵᠢᠯᠠᠯᠳᠤ ᠤᠳᠬ᠎ᠠ ᠠᠭᠤᠯᠭ᠎ᠠ ᠲᠡᠭᠡᠷᠡᠬᠢ ᠬᠠᠮᠠᠭ᠋ᠠᠯᠠᠯᠳᠠ ᠵᠢᠨ ᠭᠠᠵᠠᠷ᠎ᠤᠨ ᠲᠠᠯᠠᠪᠠᠢ ᠵᠢ ᠨᠡᠮᠡᠭᠳᠡᠬᠦᠯᠬᠦ ᠬᠦᠴᠢᠷ᠎ᠨᠢ ᠲᠤᠩ ᠶᠡᠬᠡ ᠪᠤᠯᠵᠠᠢ᠃ ᠬᠠᠮᠠᠭ᠋ᠠᠯᠠᠯᠳᠠ ᠵᠢᠨ ᠭᠠᠵᠠᠷ ᠪᠤᠯ ᠭᠠᠵᠠᠷ ᠮᠦᠨ ᠲᠠᠯᠠᠢ ᠮᠦᠨ᠂ ᠡᠬᠢ ᠪᠠᠶᠠᠯᠢᠭ ᠮᠦᠨ᠂ ᠲᠡᠮᠡᠴᠡᠬᠦ ᠪᠡᠯᠡᠳᠬᠡᠯ ᠮᠦᠨ᠃ ᠵᠤᠬᠢᠴᠠᠭᠤᠯᠵᠦ ᠴᠢᠳᠠᠬᠤ ᠦᠭᠡᠢ ᠪᠤᠯ᠂ ᠬᠡᠳᠡᠷᠬᠦ᠎ᠪᠠᠨ 〈〈ᠴᠠᠭ᠋ᠠᠰᠤᠨ ᠲᠡᠭᠡᠷᠡᠬᠢ ᠴᠡᠷᠢᠭ〉〉 (paper park) ᠪᠤᠯᠵᠦ᠂ ᠪᠦᠳᠦᠮᠵᠢᠳᠠᠢ ᠬᠠᠮᠠᠭ᠋ᠠᠯᠠᠬᠤ ᠬᠠᠷᠠᠯᠳᠠ᠎ᠳᠤ᠎ᠪᠠᠨ ᠬᠦᠷᠴᠦ ᠴᠢᠳᠠᠬᠤ ᠦᠭᠡᠢ ᠶᠤᠮ᠃ ᠤᠳᠤᠬᠠᠨ᠎ᠤ ᠰᠤᠳᠤᠯᠭ᠎ᠠ ᠵᠢ ᠦᠨᠳᠦᠰᠦᠯᠡᠪᠡᠯ᠂ ᠬᠠᠭ᠋ᠠᠰ ᠪᠦᠮᠪᠦᠷᠴᠡᠭ᠎ᠤᠨ ᠬᠦᠰᠡᠯ᠎ᠢ ᠪᠠᠶᠠᠯᠡᠬᠦᠯᠬᠦ᠎ᠳᠤ ᠬᠠᠮᠤᠭ ᠪᠠᠭ᠎ᠠ᠎ᠳᠤ᠎ᠪᠠᠨ ᠬᠤᠶᠠᠷ ᠠᠯᠬᠤᠮ᠎ᠢ ᠭᠡᠷᠡᠭᠰᠡᠨ᠎ᠡ ——
      ᠨᠢᠭᠡᠳᠦᠭᠡᠷ ᠲᠤ᠂ ᠤᠳᠤᠬᠠᠨ᠎ᠤ ᠪᠠᠢ᠌ᠭ᠎ᠠ ᠬᠠᠮᠠᠭ᠋ᠠᠯᠠᠯᠳᠠ ᠵᠢᠨ ᠭᠠᠵᠠᠷ᠎ᠤᠨ ᠪᠠᠢ᠌ᠷᠢᠰᠢᠯ ᠪᠠ ᠬᠡᠪᠴᠢᠶ᠎ᠡ᠎ᠨᠢ ᠲᠤᠬᠢᠷᠠᠮᠵᠢᠳᠠᠢ ᠡᠰᠡᠬᠦ ᠵᠢ ᠲᠤᠭᠳᠠᠭ᠋ᠠᠬᠤ ᠵᠢᠨ ᠬᠠᠮᠳᠤ ᠴᠠᠭ ᠲᠤᠬᠠᠢ᠎ᠲᠤᠨᠢ ᠲᠤᠬᠢᠷᠠᠭᠤᠯᠤᠨ ᠴᠡᠭᠴᠡᠯᠡᠨ᠎ᠡ᠃
      ᠲᠤᠩ ᠤᠯᠠᠨ ᠬᠠᠮᠠᠭ᠋ᠠᠯᠠᠯᠳᠠ ᠵᠢᠨ ᠭᠠᠵᠠᠷ᠎ᠢ ᠪᠠᠢ᠌ᠭᠤᠯᠬᠤ ᠦᠶᠡᠰ᠂ ᠰᠢᠨᠵᠢᠯᠡᠬᠦ ᠤᠬᠠᠭ᠋ᠠᠨᠴᠢ ᠲᠤᠬᠢᠷᠠᠮᠵᠢᠳᠠᠢ ᠲᠦᠯᠦᠪᠵᠢᠬᠦᠯᠭᠡ ᠵᠢ ᠶᠠᠪᠤᠭᠳᠠᠭᠤᠯᠤᠭᠰᠠᠨ ᠦᠭᠡᠢ ᠤᠴᠢᠷ᠎ᠠᠴᠠ ᠲᠤᠩ ᠤᠯᠠᠨ ᠬᠠᠮᠠᠭ᠋ᠠᠯᠠᠬᠤ ᠤᠳᠬ᠎ᠠ ᠠᠭᠤᠯᠭ᠎ᠠ ᠦᠭᠡᠢ ᠭᠠᠵᠠᠷ ᠤᠷᠤᠨ᠎ᠢ ᠪᠠᠭᠳᠠᠭ᠋ᠠᠨ ᠤᠷᠤᠭᠤᠯᠪᠠ᠃ ᠡᠢ᠌ᠮᠦ᠎ᠠᠴᠠ ᠵᠠᠭ᠋ᠠᠭ ᠬᠢᠵᠠᠭ᠋ᠠᠷ ᠪᠠ ᠪᠠᠢ᠌ᠷᠢᠰᠢᠯ᠎ᠢ ᠲᠤᠬᠢᠷᠠᠭᠤᠯᠤᠨ ᠴᠡᠭᠴᠡᠯᠡᠬᠦ ᠵᠢ ᠶᠠᠪᠤᠭᠳᠠᠭᠤᠯᠬᠤ᠎ᠨᠢ ᠪᠦᠳᠦᠮᠵᠢᠳᠠᠢ ᠬᠠᠮᠠᠭ᠋ᠠᠯᠠᠯᠳᠠ᠎ᠳᠤ ᠲᠤᠩ ᠴᠢᠬᠤᠯᠠ ᠶᠤᠮ᠃
      ᠬᠤᠶᠠᠳᠤᠭ᠋ᠠᠷ᠎ᠳᠤ᠂ ᠠᠳᠠᠯᠢ ᠪᠤᠰᠤ ᠭᠠᠵᠷ ᠤᠷᠤᠨ᠎ᠤ ᠪᠠᠢ᠌ᠳᠠᠯ᠎ᠢ ᠦᠨᠳᠦᠰᠦᠯᠡᠨ ᠶᠠᠭ᠋ᠠᠬᠢᠵᠦ ᠬᠠᠮᠠᠭ᠋ᠠᠯᠠᠯᠳᠠ ᠵᠢᠨ ᠭᠠᠵᠠᠷ᠎ᠤᠨ ᠲᠠᠯᠠᠪᠠᠢ᠎ᠪᠠᠨ ᠦᠷᠭᠡᠳᠭᠡᠬᠦ᠎ᠪᠠᠨ ᠲᠤᠭᠳᠠᠭ᠋ᠠᠨ᠎ᠠ᠃
      ᠬᠦᠮᠦᠨ ᠠᠮᠠ ᠨᠢᠭᠳᠠ ᠲᠦᠪᠯᠡᠷᠡᠭᠰᠡᠨ ᠤᠷᠤᠨ᠎ᠳᠤ᠂ ᠬᠤᠳᠠ ᠵᠢᠨ ᠲᠡᠭᠦᠷᠭᠡ ᠵᠢᠨ ᠴᠡᠴᠡᠷᠯᠢᠭ᠂ ᠬᠠᠮᠠᠭ᠋ᠠᠯᠠᠯᠳᠠ ᠵᠢᠨ ᠪᠠᠭ᠎ᠠ ᠲᠤᠭᠤᠷᠢᠭ ᠵᠡᠷᠭᠡ ᠠᠷᠭ᠎ᠠ ᠬᠡᠯᠪᠡᠷᠢ᠎ᠪᠠᠷ ᠭᠡᠰᠡᠭ ᠪᠤᠰᠤᠭ ᠠᠮᠢᠳᠤᠷᠠᠬᠤ ᠭᠠᠵᠠᠷ᠎ᠢ ᠵᠠᠯᠭ᠋ᠠᠯᠳᠤᠭᠤᠯᠤᠨ᠎ᠠ; ᠬᠦᠮᠦᠨ ᠲᠦᠷᠦᠯᠬᠢᠳᠡᠨ᠎ᠤ ᠤᠷᠳᠤ ᠬᠤᠭᠤᠴᠠᠭ᠋ᠠᠨ᠎ᠤ ᠨᠦᠯᠦᠭᠡ ᠵᠢ ᠬᠦᠷᠳᠡᠬᠦ ᠭᠠᠵᠠᠷ ᠤᠷᠤᠨ᠎ᠳᠤ᠂ ᠠᠳᠠᠯᠢ ᠪᠤᠰᠤ ᠭᠠᠵᠠᠷ ᠤᠷᠤᠨ᠎ᠤ ᠨᠡᠢ᠌ᠬᠡᠮ ᠲᠤᠭᠤᠷᠢᠭ ᠪᠠ ᠡᠬᠡ ᠪᠠᠢ᠌ᠭ᠋ᠠᠯᠢ ᠵᠢᠨ ᠬᠠᠷᠢᠴᠠᠭ᠎ᠠ ᠵᠢ ᠠᠰᠢᠭᠯᠠᠨ᠂ ᠦᠷᠬᠦᠯᠵᠢᠯᠡᠬᠦᠢ᠌ᠴᠡ ᠡᠬᠢ ᠪᠠᠶᠠᠯᠢᠭ᠎ᠢ ᠠᠰᠢᠭᠯᠠᠬᠤ ᠪᠠ ᠰᠢᠨ᠎ᠡ ᠬᠡᠯᠪᠡᠷᠢ ᠵᠢᠨ ᠬᠠᠮᠠᠭ᠋ᠠᠯᠠᠯᠳᠠ ᠵᠢᠨ ᠬᠡᠯᠪᠡᠷᠢ ᠵᠢ ᠠᠬᠢᠭᠤᠯᠵᠦ᠂ ᠨᠢᠬᠡᠨᠳᠡ ᠪᠠᠢ᠌ᠭ᠎ᠠ ᠰᠠᠭᠤᠷᠢᠨ ᠲᠡᠭᠡᠷ᠎ᠡ ᠬᠠᠮᠠᠭ᠋ᠠᠯᠠᠯᠳᠠ ᠵᠢᠨ ᠭᠠᠵᠠᠷ᠎ᠤᠨ ᠲᠠᠯᠠᠪᠠᠢ ᠵᠢ ᠦᠷᠭᠡᠳᠬᠡᠨ᠎ᠡ᠃



      ᠲᠤᠮᠳᠠᠳᠤ ᠤᠯᠤᠰ᠎ᠤᠨ ᠭᠤᠷᠪᠠᠨ ᠮᠦᠷᠡᠨ᠎ᠤ ᠡᠬᠢ᠂ ᠡᠨᠳᠡ᠎ᠠᠴᠠ ᠨᠢᠭᠡ ᠵᠦᠢ᠍ᠯ᠎ᠤᠨ ᠬᠦᠮᠦᠨ ᠪᠠ ᠡᠬᠡ ᠪᠠᠢ᠌ᠭ᠋ᠠᠯᠢ ᠡᠶ᠎ᠡ ᠡᠪᠳᠠᠢ ᠬᠠᠮᠳᠤ ᠤᠷᠤᠰᠢᠬᠤ ᠰᠢᠨ᠎ᠡ ᠪᠤᠯᠤᠯᠴᠠᠭ᠎ᠠ ᠵᠢ ᠤᠯᠵᠦ ᠬᠠᠷᠠᠵᠦ ᠪᠤᠯᠤᠨ᠎ᠠ᠃   ᠵᠢᠷᠤᠭ᠄ ᠯᠢ ᠪᠢᠨ ᠪᠢᠨ


      ᠶᠠᠷᠢᠶᠠᠨ ᠦᠭᠡᠢ᠂ ᠶᠡᠬᠡ ᠲᠠᠯᠠᠪᠠᠢ᠎ᠲᠠᠢ ᠡᠭᠡᠷᠡᠮ᠎ᠡ ᠲᠠᠯ᠎ᠠ ᠴᠦ᠍ ᠲᠤᠳᠠᠭᠳᠠᠵᠦ ᠪᠤᠯᠤᠰᠢ ᠦᠭᠡᠢ ᠴᠢᠬᠤᠯᠠ ᠴᠢᠨᠠᠷ᠎ᠲᠠᠢ ᠶᠤᠮ; ᠶᠡᠬᠡ ᠬᠡᠮᠵᠢᠶᠡᠨ᠎ᠤ ᠠᠮᠢ ᠠᠬᠤᠢ ᠵᠢᠨ ᠦᠩᠭᠡᠷᠡᠯᠳᠡ ᠵᠢ ᠲᠡᠮᠵᠢᠨ᠂ ᠤᠨᠴᠠ ᠲᠤᠭᠳᠠᠭᠰᠠᠨ ᠠᠮᠢ ᠠᠬᠤᠢ ᠵᠢᠨ ᠰᠢᠰᠲᠸᠮ᠎ᠤᠨ ᠦᠢ᠍ᠯᠡᠴᠢᠯᠡᠭᠡ ᠵᠢ ᠬᠠᠩᠭ᠋ᠠᠬᠤ᠎ᠨᠢ᠂ ᠪᠠᠰᠠ ᠲᠡᠬᠦᠨ᠎ᠤ ᠴᠢᠬᠤᠯᠠ ᠰᠤᠶᠤᠯ᠎ᠤᠨ ᠤᠳᠬ᠎ᠠ ᠠᠭᠤᠯᠭ᠎ᠠ᠎ᠲᠠᠢ ᠶᠤᠮ᠃ ᠭᠡᠪᠡᠴᠦ᠂ ᠲᠦᠷᠰᠦ ᠵᠢᠨ ᠬᠠᠮᠠᠭ᠋ᠠᠯᠠᠯᠳᠠ ᠵᠢᠨ ᠬᠠᠷᠢᠴᠠᠯ᠎ᠢ ᠲᠡᠭᠡᠭᠰᠢᠯᠡᠬᠦᠯᠬᠦ᠎ᠳᠤ ᠠᠪᠴᠦ ᠬᠡᠯᠡᠪᠡᠯ᠂ ᠲᠠᠩ ᠴᠤᠯᠭᠤᠢ ᠬᠦᠮᠦᠨ ᠠᠮᠠ ᠰᠡᠢ᠌ᠷᠡᠭ᠂ ᠰᠠᠭ᠋ᠠᠳ ᠬᠦᠴᠦ ᠬᠠᠷᠢᠴᠠᠩᠭᠤᠢ ᠪᠠᠭ᠎ᠠ ᠡᠭᠡᠷᠡᠮ᠎ᠡ ᠲᠠᠯ᠎ᠠ ᠵᠢ ᠬᠠᠮᠠᠭ᠋ᠠᠯᠠᠬᠤ᠎ᠪᠠᠷ ᠲᠠᠮᠵᠢᠨ ᠬᠠᠭ᠋ᠠᠰ ᠪᠦᠮᠪᠦᠷᠴᠡᠭ᠎ᠤᠨ ᠲᠦᠯᠦᠪᠯᠡᠭᠡ᠎ᠳᠤ ᠬᠦᠷᠬᠦ᠎ᠨᠢ᠂ ᠦᠷ᠎ᠡ ᠪᠦᠳᠦᠮᠵᠢ᠎ᠳᠤ ᠬᠦᠷᠴᠦ ᠴᠢᠳᠠᠬᠤ ᠦᠭᠡᠢ ᠶᠤᠮ᠃
      ᠬᠠᠭ᠋ᠠᠰ ᠪᠦᠮᠪᠦᠷᠴᠡᠭ᠎ᠤᠨ ᠲᠦᠯᠦᠪᠯᠡᠭᠡ ᠵᠢᠨ ᠡᠨᠡ ᠠᠤᠭ᠎ᠠ ᠰᠦᠷᠯᠢᠭ ᠬᠦᠰᠡᠯ᠎ᠳᠤ᠂ ᠨᠡᠩ ᠶᠡᠬᠡ ᠰᠦᠷ ᠬᠦᠴᠦᠨ ᠪᠠ ᠰᠢᠨ᠎ᠡ ᠵᠢ ᠡᠬᠦᠳᠬᠦ ᠠᠷᠭ᠎ᠠ ᠮᠠᠶᠢᠭ᠎ᠢ ᠬᠡᠷᠡᠭᠰᠡᠨ᠎ᠡ᠃ ᠤᠤᠯ᠎ᠨᠢ 17% ᠵᠢᠨ ᠬᠠᠮᠠᠭ᠋ᠠᠯᠠᠯᠳᠠ ᠵᠢᠨ ᠭᠠᠵᠠᠷ᠎ᠤᠨ ᠲᠠᠯᠠᠪᠠᠢ᠎ᠳᠤ ᠬᠦᠷᠬᠦ ᠵᠢ ᠴᠦ᠍ ᠪᠡᠶᠡᠯᠡᠬᠦᠯᠬᠦ᠎ᠳᠤ ᠬᠦᠴᠢᠷ ᠬᠡᠵᠦ ᠦᠵᠡᠭᠳᠡᠵᠦ ᠪᠠᠢ᠌ᠭᠰᠠᠨ ᠲᠤᠮᠳᠠᠳᠤ ᠤᠯᠤᠰ᠂ ᠤᠳᠤ ᠬᠠᠮᠠᠭ᠋ᠠᠯᠠᠯᠳᠠ ᠵᠢᠨ ᠭᠠᠵᠠᠷ᠎ᠤᠨ ᠲᠠᠯᠠᠪᠠᠢ᠎ᠨᠢ ᠨᠢᠭᠡᠨᠳᠡ 18% ᠬᠦᠷᠪᠡ᠃ ᠬᠠᠭ᠋ᠠᠰ ᠲᠡᠯᠡᠬᠡᠢ ᠵᠢᠨ ᠪᠦᠮᠪᠦᠷᠴᠡᠭ ᠵᠢ ᠬᠠᠮᠠᠭ᠋ᠠᠯᠠᠬᠤ᠎ᠨᠢ᠂ ᠲᠡᠢ᠌ᠮᠦ ᠴᠦ᠍ ᠠᠯᠤᠰ ᠬᠤᠯᠠ ᠵᠢᠨ ᠤᠴᠢᠷ ᠪᠢᠰᠢ ᠪᠠᠢ᠌ᠬ᠎ᠠ ᠳ᠋ᠡ᠃



ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠮᠡᠳᠡᠯᠭᠡ (ᠨᠢᠭᠡ ᠵᠠᠭᠤ ᠨᠠᠶᠠᠨ ᠨᠢᠭᠡ)
ᠣᠷᠴᠢᠨ ᠲᠤᠭᠤᠷᠢᠨ᠎ᠢ ᠬᠠᠮᠠᠭ᠋ᠠᠯᠠᠯᠳᠠ ᠵᠢᠨ ᠶᠡᠷᠦ ᠵᠢᠨ ᠮᠡᠳᠡᠯᠭᠡ (ᠨᠢᠭᠡ ᠵᠠᠭᠤ ᠨᠠᠶᠠᠨ ᠳᠤᠯᠤᠭ᠎ᠠ)
ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦ ᠵᠢᠨ ᠮᠡᠳᠡᠯᠭᠡ (ᠨᠢᠭᠡ ᠵᠠᠭᠤ ᠨᠠᠶᠠᠨ ᠲᠠᠪᠤ)
ᠣᠷᠴᠢᠨ ᠲᠤᠭᠤᠷᠢᠨ᠎ᠢ ᠬᠠᠮᠠᠭ᠋ᠠᠯᠠᠬᠤ ᠮᠡᠳᠡᠯᠭᠡ (203)
《ᠭᠤᠷᠪᠠᠨ ᠱᠤᠭᠤᠮ ᠨᠢᠭᠡ ᠬᠠᠭᠤᠳᠠᠰᠤ》 ᠵᠢ ᠪᠣᠳᠠᠲᠠᠢ᠍ᠢ᠍ᠵᠢᠭᠤᠯᠤᠨ ᠬᠡᠷᠡᠭᠵᠢᠭᠦᠯᠬᠦ ᠵᠢ ᠦᠨᠡᠨ ᠬᠦ᠌ ᠠᠬᠢᠭᠤᠯᠤᠨ ᠬᠦᠨᠵᠡᠭᠡᠢ᠍ᠢ᠍ᠷᠡᠭᠦᠯᠪᠡ
 
             蒙ICP备05000248号