ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠣᠷᠴᠢᠨ ᠠᠬᠤᠶ ᠵᠢ ᠬᠠᠮᠠᠭ᠋ᠠᠯᠠᠬᠤ ᠮᠡᠳᠡᠯᠭᠡ (226)
ᠨᠡᠶ᠋ᠢᠲᠡᠯᠡᠭᠰᠡᠨ ᠴᠠᠭ᠄ 2021-01-22

      【ᠨᠡᠶ᠋ᠢᠲᠡᠯᠡᠭᠰᠡᠨ ᠴᠠᠭ᠄ 2020 — 12 — 22 10᠄ 20》 《ᠢᠷᠡᠯᠲᠡ᠄ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ 365 ᠸᠢᠴᠠᠲ᠎ᠤᠨ ᠲᠠᠪᠴᠠᠩ》
ᠬᠥᠮᠦᠨ ᠲᠥᠷᠥᠯᠬᠢᠲᠡᠨ ᠲᠠᠯᠠᠢ ᠲᠠᠩᠭᠢᠰ᠎ᠤᠨ ᠪᠢᠴᠢᠯ ᠰᠦᠯᠢᠶᠣᠣ ᠵᠢᠨ ᠪᠣᠬᠢᠷᠲᠤᠯ᠎ᠢ ᠬᠡᠷᠬᠢᠨ ᠠᠷᠭ᠋ᠠᠴᠠᠭ᠋ᠠᠪᠠᠯ ᠵᠣᠬᠢᠬᠤ ᠪᠤᠢ?

      ᠡᠷᠡᠭᠦᠯ ᠪᠤᠰᠤ ᠢᠳᠡᠭᠡᠨ ᠤᠮᠳᠠᠭ᠋ᠠᠨ ᠵᠢᠴᠢ ᠣᠷᠴᠢᠨ ᠲᠣᠭᠤᠷᠢᠨ᠎ᠤ ᠪᠣᠬᠢᠷᠲᠤᠯ᠎ᠨᠢ ᠬᠥᠮᠦᠨ ᠲᠥᠷᠥᠯᠬᠢᠲᠡᠨ᠎ᠤ ᠡᠷᠡᠭᠦᠯ ᠮᠡᠨᠳᠦ᠎ᠳᠤ ᠬᠦᠨᠳᠦ ᠶᠡᠬᠡ ᠰᠦᠷᠳᠡᠭᠦᠯᠦᠯ ᠪᠣᠯᠬᠤ ᠮᠥᠷᠲᠡᠭᠡᠨ ᠡᠳᠡᠭᠡᠷ ᠰᠦᠷᠳᠡᠭᠦᠯᠦᠯ᠎ᠨᠢ ᠶᠠᠭ ᠯᠡ ᠮᠡᠯᠡᠬᠡᠢ ᠵᠢ ᠪᠦᠯᠢᠶᠡᠨ ᠤᠰᠤᠨ᠎ᠳᠤ ᠴᠢᠨᠠᠵᠤ ᠪᠠᠢ᠌ᠭ᠎ᠠ ᠮᠡᠳᠤ ᠬᠥᠮᠦᠰ᠎ᠲᠤ ᠠᠮᠠᠷᠬᠠᠨ ᠣᠮᠲᠣᠭ᠋ᠠᠶ᠋ᠢᠯᠠᠭᠳᠠᠳᠠᠭ᠂ ᠭᠡᠪᠡᠴᠦ ᠳᠡᠬᠦᠨ᠎ᠤ ᠬᠣᠣᠷ ᠬᠥᠨᠥᠭᠡᠯ᠎ᠨᠢ ᠬᠦᠨᠳᠦ ᠨᠣᠴᠢᠲᠠᠶ᠂ ᠨᠥᠯᠥᠭᠡ᠎ᠨᠢ ᠶᠡᠭᠡ ᠪᠠᠶ᠋ᠢᠳᠠᠭ᠂ ᠵᠢᠱ᠌ᠢᠶᠡᠯᠡᠪᠡᠯ ᠪᠢᠴᠢᠯ ᠰᠦᠯᠢᠶᠣᠣ ᠵᠢᠨ ᠪᠣᠬᠢᠷᠲᠤᠯ᠎ᠤᠨ ᠠᠰᠠᠭᠤᠳᠠᠯ ᠪᠣᠯᠤᠨ᠎ᠠ᠃ ᠰᠢᠨᠵᠢᠯᠡᠬᠦ ᠤᠬᠠᠭ᠋ᠠᠨ᠎ᠤ ᠡᠲᠡᠭᠡᠳ᠎ᠤᠨ᠎ᠬᠢᠨ ᠪᠢᠴᠢᠯ ᠰᠦᠯᠢᠶᠣᠣ ᠵᠢᠨ ᠪᠣᠬᠢᠷᠲᠤᠯ᠎ᠤᠨ ᠬᠦᠷᠢᠶ᠎ᠡ ᠬᠡᠪᠴᠢᠶ᠎ᠡ ᠪᠠ ᠨᠥᠯᠥᠭᠡ ᠵᠢ ᠡᠳᠦᠷ ᠢᠷᠡᠬᠦᠶ᠎ᠡ ᠣᠶ᠋ᠢᠯᠠᠭ᠋ᠠᠬᠤ ᠵᠢ ᠳᠠᠭ᠋ᠠᠯᠳᠤᠨ᠂ ᠪᠢᠴᠢᠯ ᠰᠦᠯᠢᠶᠣᠣ᠎ᠨᠢ ᠠᠯᠢ ᠡᠷᠲᠡ ᠤᠰᠤᠨ᠎ᠤ ᠰᠤᠷᠪᠤᠯᠵᠢ᠂ ᠲᠠᠷᠢᠶᠠᠯᠠᠩ᠎ᠤᠨ ᠬᠣᠯᠢᠰᠢᠨ ᠢᠳᠡᠭᠡᠨ᠎ᠢ ᠪᠣᠬᠢᠷᠲᠤᠭᠤᠯᠬᠤ᠎ᠪᠠᠷ ᠳᠠᠮᠵᠢᠨ᠂ ᠬᠥᠮᠦᠨ᠎ᠤ ᠪᠡᠶ᠎ᠡ᠎ᠳᠤ ᠤᠷᠤᠭᠰᠠᠨ᠎ᠢ ᠪᠢᠳᠡ ᠣᠯᠵᠤ ᠮᠡᠳᠡᠪᠡ᠃ ᠪᠢᠴᠢᠯ ᠰᠦᠯᠢᠶᠣᠣ ᠵᠢᠨ ᠬᠥᠮᠦᠨ ᠲᠥᠷᠥᠯᠬᠢᠲᠡᠨ᠎ᠤ ᠡᠷᠡᠭᠦᠯ ᠮᠡᠨᠳᠦ᠎ᠳᠤ ᠤᠴᠠᠷᠠᠭᠤᠯᠬᠤ ᠬᠣᠣᠷ ᠬᠥᠨᠥᠭᠡᠯ᠎ᠨᠢ ᠡᠷᠲᠡ ᠤᠷᠤᠢ ᠦᠭᠡᠢ ᠢᠯᠡᠷᠡᠨ ᠭᠠᠷᠳᠠᠭ᠃

      ᠪᠢᠴᠢᠯ ᠰᠦᠯᠢᠶᠣᠣ ᠭᠡᠭᠴᠢ ᠶᠠᠭᠤ ᠪᠤᠢ? ᠬᠡᠷᠬᠢᠨ ᠪᠤᠢ ᠪᠤᠯᠳᠠᠭ ᠪᠤᠢ?

      ᠪᠢᠴᠢᠯ ᠰᠦᠯᠢᠶᠣᠣ ᠵᠢᠨ ᠪᠣᠬᠢᠷᠲᠤᠯ᠎ᠢ ᠣᠢ᠌ᠷ᠎ᠠ ᠵᠢᠨ 10 ᠵᠢᠯ᠎ᠳᠤ ᠰᠠᠶᠢ ᠠᠭ᠋ᠠᠵᠢᠮ ᠵᠶ᠋ᠠᠷ ᠬᠦᠨᠳᠦᠳᠬᠡᠨ ᠦᠵᠡᠭᠰᠡᠨ ᠪᠣᠯᠪᠠᠴᠤ ᠦᠨᠡᠨ᠎ᠳᠡᠭᠡᠨ ᠠᠯᠢ ᠡᠷᠲᠡ 50 ᠵᠢᠯ᠎ᠤᠨ ᠡᠮᠦᠨ᠎ᠡ ᠢᠯᠡᠷᠡᠭᠦᠯᠦᠭᠰᠡᠨ ᠶᠤᠮ᠃ 1971 ᠣᠨ᠎ᠤ ᠨᠠᠮᠤᠷ᠂ ᠲᠡᠯᠡᠶ ᠲᠠᠩᠭᠢᠰ᠎ᠤᠨ ᠠᠮᠢᠳᠤ ᠪᠣᠳᠠᠰ᠎ᠤᠨ ᠤᠬᠠᠭ᠋ᠠᠨᠲᠠᠨ Ed Carpenter ᠠᠩᠬ᠎ᠠ ᠤᠳᠠᠭ᠎ᠠ ᠤᠯᠠᠪᠤᠷ ᠮᠣᠷᠢᠨ ᠰᠡᠭᠦᠯ ᠵᠠᠮᠠᠭ᠎ᠤᠨ ᠳᠡᠪᠢᠰᠬᠡᠷ᠎ᠲᠤ ᠵᠠᠷᠢᠮ ᠬᠠᠴᠢᠨ ᠰᠣᠨᠢᠨ ᠴᠠᠭ᠋ᠠᠨ ᠲᠣᠯᠪᠣ ᠬᠥᠪᠴᠦ ᠪᠠᠶ᠋ᠢᠬᠤ ᠵᠢ ᠠᠩᠬᠠᠷᠤᠯ᠎ᠳᠠᠭᠠᠨ ᠠᠪᠴᠠᠶ᠃ ᠪᠠᠢ᠍ᠴᠠᠭ᠋ᠠᠯᠲᠠ᠎ᠪᠠᠷ ᠳᠠᠮᠵᠢᠭ᠋ᠠᠳ᠂ ᠡᠨᠡ᠎ᠨᠢ ᠨᠢᠭᠡᠨ ᠵᠢᠵᠢᠭ ᠬᠡᠰᠡᠭ ᠰᠦᠯᠢᠶᠣᠣ ᠪᠣᠯᠬᠤ ᠵᠢ ᠲᠡᠷᠡ ᠣᠯᠵᠤ ᠮᠡᠳᠡᠪᠡ᠃ ᠡᠨᠡ ᠬᠦ᠌ ᠢᠯᠡᠷᠡᠭᠦᠯᠦᠯᠲᠡ᠎ᠨᠢ ᠬᠥᠮᠦᠰ᠎ᠢ ᠰᠤᠴᠢᠭ᠋ᠠᠪᠠ᠃ ᠤᠴᠢᠷ᠎ᠨᠢ ᠡᠨᠡ᠎ᠨᠢ ᠡᠬᠡ ᠭᠠᠵᠠᠷ᠎ᠠᠴᠠ 550 ᠠᠩᠭ᠍ᠯᠢ ᠭᠠᠵᠠᠷ ᠪᠠᠢ᠌ᠵᠤ᠂ ᠠᠲᠯᠠᠨᠲ᠎ᠤᠨ ᠳᠠᠯᠠᠶ ᠵᠢᠨ ᠳᠤᠮᠳᠠ ᠬᠡᠰᠡᠭ ᠬᠠᠭ᠋ᠠᠷᠬᠠᠶ ᠰᠦᠯᠢᠶᠣᠣ ᠵᠢᠨ ᠮᠥᠬᠥᠯᠢᠭ᠎ᠲᠤ ᠡᠵᠡᠯᠡᠭᠳᠡᠭᠰᠡᠨ᠎ᠢ ᠬᠠᠷᠠᠭᠤᠯᠵᠤ ᠪᠠᠶ᠋ᠢᠨ᠎ᠠ᠃

     Carpenter ᠵᠢᠨ ᠢᠯᠡᠷᠡᠭᠦᠯᠦᠭᠰᠡᠨ ᠨᠡᠶ᠋ᠢᠲᠡᠯᠢᠭ ᠰᠦᠯᠢᠶᠣᠣ ᠮᠥᠬᠥᠯᠢᠭ

     《ᠪᠢᠴᠢᠯ ᠰᠦᠯᠢᠶᠣᠣ》 ᠭᠡᠳᠡᠭ ᠦᠭᠡ ᠵᠢ ᠠᠩᠭ᠍ᠯᠢ ᠵᠢᠨ ᠫᠯᠢᠮᠤᠰ ᠶᠡᠬᠡ ᠰᠤᠷᠭ᠋ᠠᠭᠤᠯᠢ ᠵᠢᠨ ᠳᠠᠯᠠᠢ ᠲᠠᠩᠭᠢᠰ᠎ᠤᠨ ᠠᠮᠢᠳᠤ ᠪᠣᠳᠠᠰ᠎ᠤᠨ ᠤᠬᠠᠭ᠋ᠠᠨᠲᠠᠨ Richard Thompson   ᠫᠷᠣᠹᠸᠰᠰᠤᠷ 2004 ᠣᠨ᠎ᠳᠤ ᠳᠤᠷᠠᠳᠤᠨ ᠭᠠᠷᠭ᠋ᠠᠵᠠᠶ᠃ ᠪᠢᠴᠢᠯ ᠰᠦᠯᠢᠶᠣᠣ ᠵᠢᠨ ᠬᠡᠮᠵᠢᠶ᠎ᠡ᠎ᠨᠢ Carpenter᠎ᠤᠨ ᠢᠯᠡᠷᠡᠭᠦᠯᠦᠭᠰᠡᠨ ᠰᠦᠯᠢᠶᠣᠣ ᠵᠢᠨ ᠮᠦᠬᠦᠯᠢᠭ᠎ᠠᠴᠠ ᠬᠤᠯᠠ ᠪᠠᠭ᠎ᠠ᠂ ᠤᠷᠳᠤ ᠵᠢᠨ ᠬᠡᠮᠵᠢᠶ᠎ᠡ᠎ᠨᠢ 5mm᠎ᠠᠴᠠ ᠪᠠᠭ᠎ᠠ ᠪᠠᠶ᠋ᠢᠳᠠᠭ ᠶᠠᠮᠠᠷᠪᠠ ᠬᠡᠯᠪᠡᠷᠢ ᠵᠢᠨ ᠰᠦᠯᠢᠶᠣᠣ ᠵᠢᠨ ᠬᠡᠮᠬᠡᠳᠡᠭ᠎ᠤᠨ ᠶᠡᠷᠦᠩᠬᠡᠶ ᠨᠡᠷᠡᠶ᠋ᠢᠳᠦᠯ ᠪᠣᠯᠤᠨ᠎ᠠ᠃ ᠣᠳᠣᠬᠠᠨ᠎ᠳᠤ ᠬᠣᠶᠠᠷ ᠵᠦᠢ᠍ᠯ᠎ᠤᠨ ᠪᠢᠴᠢᠯ ᠰᠦᠯᠢᠶᠣᠣ ᠵᠢᠨ ᠲᠦᠷᠦᠯ ᠵᠦᠢ᠍ᠯ ᠪᠠᠢ᠌ᠢ᠍ᠳᠠᠭ᠄ ᠠᠩᠬᠠᠨ᠎ᠤ ᠪᠢᠴᠢᠯ ᠰᠦᠯᠢᠶᠣᠣ ᠭᠡᠳᠡᠭ᠎ᠨᠢ ᠪᠠᠶ᠋ᠢᠭ᠋ᠠᠯᠢ ᠵᠢᠨ ᠣᠷᠴᠢᠨ ᠲᠣᠭᠣᠷᠢᠨ᠎ᠳᠤ ᠣᠷᠣᠬᠤ᠎ᠠᠴᠠ ᠡᠮᠦᠨᠡᠬᠢ ᠬᠡᠮᠵᠢᠶ᠎ᠡ᠎ᠨᠢ 5mm᠎ᠠᠴᠠ ᠪᠠᠭ᠎ᠠ ᠪᠠᠶ᠋ᠢᠳᠠᠭ ᠶᠠᠮᠠᠷᠪᠠ ᠰᠦᠯᠢᠶᠣᠣ ᠵᠢᠨ ᠬᠡᠮᠬᠡᠳᠡᠭ ᠪᠤᠶᠤ ᠮᠥᠬᠥᠯᠢᠭ᠎ᠢ ᠵᠢᠭ᠋ᠠᠵᠤ ᠪᠠᠶ᠋ᠢᠨ᠎ᠠ᠂ ᠡᠭᠦᠨ᠎ᠳᠤ ᠬᠤᠪᠴᠠᠰᠤᠨ᠎ᠤ ᠪᠢᠴᠢᠯ ᠰᠢᠷᠬᠡᠭ ᠵᠡᠷᠭᠡ ᠵᠢ ᠪᠠᠭᠲᠠᠭ᠋ᠠᠨ᠎ᠠ; ᠳᠡᠳ᠋ ᠳᠡᠰ᠎ᠤᠨ ᠪᠢᠴᠢᠯ ᠰᠦᠯᠢᠶᠣᠣ ᠭᠡᠳᠡᠭ᠎ᠨᠢ ᠳᠤᠮᠤ ᠬᠡᠯᠪᠡᠷᠢ ᠵᠢᠨ ᠰᠦᠯᠢᠶᠣᠣ ᠪᠦᠲᠦᠭᠡᠭᠳᠡᠬᠦᠨ ᠪᠠᠶ᠋ᠢᠭ᠋ᠠᠯᠢ ᠵᠢᠨ ᠥᠭᠢᠷᠡᠰᠢᠯ᠎ᠤᠨ ᠶᠠᠪᠤᠴᠠ᠎ᠪᠠᠷ ᠳᠠᠮᠵᠢᠨ ᠣᠷᠴᠢᠨ ᠲᠣᠭᠣᠷᠢᠨ᠎ᠳᠤ ᠤᠷᠤᠭᠰᠠᠨ᠎ᠤ ᠳᠠᠷᠠᠭ᠎ᠠ ᠵᠠᠳᠠᠷᠠᠭ᠋ᠠᠳ ᠡᠭᠦᠰᠦᠭᠰᠡᠨ ᠪᠢᠴᠢᠯ ᠰᠦᠯᠢᠶᠣᠣ ᠵᠢ ᠵᠢᠭ᠋ᠠᠵᠤ ᠪᠠᠶ᠋ᠢᠨ᠎ᠠ᠂ ᠡᠭᠦᠨ᠎ᠳᠤ ᠤᠰᠤᠨ ᠯᠣᠩᠬᠣ᠂ ᠰᠦᠯᠢᠶᠣᠣ ᠤᠭᠤᠲᠠ ᠵᠡᠷᠭᠡ ᠪᠠᠭᠲᠠᠨ᠎ᠠ᠃

      ᠰᠤᠳᠤᠯᠭ᠋ᠠᠲᠠᠨ ᠵᠢᠭ᠋ᠠᠵᠤ ᠭᠠᠷᠭ᠋ᠠᠭᠰᠠᠨ ᠵᠶ᠋ᠠᠷ᠂ ᠬᠥᠮᠦᠨ ᠲᠥᠷᠥᠯᠬᠢᠲᠡᠨ ᠵᠢᠯ ᠪᠦᠷᠢ ᠪᠠᠷᠤᠭ 3 ᠳ᠋ᠦᠩᠰᠢᠭᠤᠷ ᠲᠣᠨ ᠰᠦᠯᠢᠶᠣᠣ ᠵᠢ ᠦᠢ᠍ᠯᠡᠳᠪᠦᠷᠢᠯᠡᠳᠡᠭ᠂ ᠲᠡᠳᠡᠭᠡᠷ᠎ᠨᠢ ᠵᠠᠰᠠᠯ ᠴᠢᠮᠡᠭ᠎ᠤᠨ ᠡᠳ᠋᠂ ᠬᠤᠪᠴᠠᠰᠤ ᠬᠤᠨᠠᠷ ᠪᠠ ᠠᠵᠤ ᠦᠢ᠍ᠯᠡᠳᠪᠦᠷᠢ ᠵᠢᠨ ᠶᠠᠪᠤᠴᠠ ᠵᠡᠷᠭᠡ ᠡᠯ᠎ᠡ ᠵᠦᠢ᠍ᠯ᠎ᠤᠨ ᠢᠷᠡᠯᠳᠡ᠎ᠪᠠᠷ ᠲᠠᠮᠵᠢᠨ ᠵᠠᠳᠠᠷᠠᠭ᠋ᠠᠳ ᠲᠦᠮᠡᠨ ᠳ᠋ᠦᠩᠰᠢᠭᠤᠷ ᠲᠥᠭᠥᠷᠢᠭ᠎ᠤᠨ ᠬᠡᠮᠬᠡᠳᠡᠭ ᠪᠤᠯᠵᠤ ᠣᠷᠴᠢᠨ ᠲᠣᠭᠣᠷᠢᠨ᠎ᠳᠤ ᠨᠢᠭᠤᠭᠳᠠᠵᠤ ᠪᠠᠶ᠋ᠢᠳᠠᠭ᠃

      ᠪᠢᠴᠢᠯ ᠰᠦᠯᠢᠶᠣᠣ ᠵᠢᠨ ᠢᠷᠡᠯᠳᠡ

      ᠬᠥᠮᠦᠨ᠎ᠤ ᠪᠡᠶ᠎ᠡ᠎ᠳᠤ ᠪᠢᠴᠢᠯ ᠰᠦᠯᠢᠶᠣᠣ ᠵᠢ ᠬᠡᠷᠬᠢᠨ ᠤᠷᠤᠳᠠᠭ ᠪᠤᠢ?

      ᠣᠳᠣᠬᠠᠨ᠎ᠤ ᠰᠤᠳᠤᠯᠭ᠋ᠠᠨ᠎ᠳᠤ ᠢᠯᠡᠷᠡᠭᠦᠯᠦᠭᠰᠡᠨ ᠵᠶ᠋ᠠᠷ᠂ ᠲᠡᠯᠡᠶ ᠲᠠᠩᠭᠢᠰ᠂ ᠮᠥᠰᠥᠨ ᠳᠠᠪᠬᠤᠷᠭ᠎ᠠ᠂ ᠴᠡᠩᠭᠡᠭ ᠤᠰᠤᠨ᠎ᠤ ᠠᠮᠢ ᠠᠬᠤᠶ ᠵᠢᠨ ᠰᠢᠰᠲ᠋ᠧᠮ᠂ ᠬᠥᠷᠥᠰᠥ ᠰᠢᠷᠣᠶ᠂ ᠠᠭ᠋ᠠᠷ ᠳᠣᠲᠣᠷ᠎ᠠ ᠴᠥᠮ ᠪᠢᠴᠢᠯ ᠰᠦᠯᠢᠶᠣᠣ ᠠᠭᠤᠯᠤᠭᠳᠠᠵᠤ ᠪᠠᠶ᠋ᠢᠨ᠎ᠠ᠃

      ᠬᠦᠮᠦᠰ ᠠᠯᠢ ᠡᠷᠲᠡ ᠨᠢᠯᠬ᠎ᠠ ᠦᠶ᠎ᠡ᠎ᠳᠡᠭᠡᠨ ᠤᠭᠵᠢᠭᠤᠷ ᠬᠡᠷᠡᠭᠯᠡᠬᠦ ᠦᠶ᠎ᠡ᠎ᠠᠴᠠ ᠪᠢᠴᠢᠯ ᠰᠦᠯᠢᠶᠣᠣ ᠵᠢ ᠪᠡᠶ᠎ᠠ᠎ᠳᠡᠭᠡᠨ ᠰᠢᠩᠭᠡᠭᠡᠨ ᠠᠪᠴᠤ ᠡᠬᠢᠯᠡᠳᠡᠭ᠃ 10 ᠰᠠᠷ᠎ᠠ ᠵᠢᠨ 19᠎ᠤ ᠡᠳᠦᠷ 《ᠪᠠᠶ᠋ᠢᠭ᠋ᠠᠯᠢ · ᠢᠳᠡᠭᠡᠨ》 (Nature Food) ᠳᠡᠭᠡᠷ᠎ᠡ ᠨᠡᠶ᠋ᠢᠲᠡᠯᠡᠭᠰᠡᠨ ᠨᠢᠭᠡᠨ ᠰᠤᠳᠤᠯᠭ᠋ᠠᠨ᠎ᠤ ᠵᠢᠱ᠌ᠢᠯᠲᠡ᠎ᠪᠠᠷ᠂ ᠫᠷᠦᠫᠸᠠ᠎ᠤ ᠪᠦᠭᠡᠭᠡᠨᠡᠪᠦᠷᠢ᠎ᠲᠠᠢ ᠰᠦᠯᠢᠶᠣᠣ ᠯᠤᠩᠬᠤᠨ᠎ᠳᠤ ᠰᠠᠪᠠᠯᠠᠭᠰᠠᠨ ᠯᠢᠲᠷ ᠪᠦᠷᠢ ᠵᠢᠨ ᠨᠠᠶ᠋ᠢᠷᠠᠯᠭ᠎ᠠ᠎ᠲᠠᠢ ᠰᠦᠨ ᠲᠠᠯᠬ᠎ᠠ᠎ᠳᠤ᠂ ᠨᠢᠯᠬ᠎ᠠ ᠬᠡᠤᠬᠡᠳ ᠪᠠᠷᠤᠭ 1600 ᠲᠦᠮᠡᠨ ᠪᠢᠴᠢᠯ ᠰᠦᠯᠢᠶᠣᠣ ᠮᠥᠬᠥᠯᠢᠭ ᠰᠢᠩᠭᠡᠭᠡᠵᠦ ᠪᠣᠯᠤᠨ᠎ᠠ᠃

      ᠰᠤᠳᠤᠯᠭ᠋ᠠᠲᠠᠨ ᠲᠡᠯᠡᠭᠡᠢ ᠵᠢᠨ ᠡᠷᠡᠬᠦᠯ ᠬᠠᠮᠠᠭ᠋ᠠᠯᠡᠯ᠎ᠤᠨ ᠵᠤᠬᠢᠶᠡᠠ ᠪᠡᠢ᠌ᠢ᠍ᠭᠤᠯᠦᠯᠳᠠ ᠵᠢᠨ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠬᠢᠵᠦ ᠪᠠᠶ᠋ᠢᠭ᠎ᠠ ᠪᠠᠷᠢᠮᠵᠢᠶ᠎ᠠ ᠶᠣᠰᠣᠭ᠋ᠠᠷ᠂ ᠫᠷᠦᠫᠸᠠ᠎ᠤ ᠪᠦᠭᠡᠭᠡᠨᠡᠪᠦᠷᠢ ᠎ᠲᠠᠢ ᠬᠡᠦᠬᠡᠳ᠎ᠤᠨ ᠰᠦᠨ ᠯᠣᠩᠬᠣ ᠵᠢ ᠠᠷᠢᠭᠤᠳᠬᠠᠵᠤ᠂ ᠰᠠᠯᠬᠢᠨ᠎ᠳᠤ ᠬᠠᠲᠠᠭ᠋ᠠᠭᠰᠠᠨ᠎ᠤ ᠳᠠᠷᠠᠭ᠎ᠠ 70℃᠎ᠤᠨ ᠬᠠᠯᠠᠭᠤᠨ ᠤᠰᠤ ᠬᠢᠵᠦ ᠤᠷᠤᠭᠤᠯᠤᠭ᠋ᠠᠳ᠂ ᠯᠣᠩᠬᠣ ᠵᠢ ᠨᠢᠭᠡ ᠮᠢᠨᠦ᠋ᠲ ᠰᠠᠵᠢᠯᠠᠭᠤᠯᠤᠭᠰᠠᠨ᠎ᠤ ᠳᠠᠷᠠᠭ᠎ᠠ᠂ ᠲᠡᠳᠡ ᠰᠢᠩᠭᠡᠨ ᠪᠡᠶᠡᠲᠦ ᠵᠢ ᠱᠦᠬᠦᠷᠡᠬᠦᠯᠦᠬᠡᠳ ᠲᠣᠳᠤᠳᠭ᠋ᠠᠭᠴᠢ ᠰᠢᠯ ᠵᠶ᠋ᠠᠷ ᠵᠠᠳᠠᠯᠤᠯᠲᠠ ᠬᠢᠬᠦ᠎ᠳᠤ ᠬᠡᠳᠦᠨ ᠵᠠᠭᠤᠨ ᠲᠦᠮᠡᠨ ᠪᠢᠴᠢᠯ ᠰᠦᠯᠢᠶᠣᠣ ᠮᠥᠬᠥᠯᠢᠭ᠎ᠢ ᠢᠯᠡᠷᠡᠭᠦᠯᠪᠡ᠂ ᠲᠡᠳᠡ ᠵᠢᠩᠬᠢᠨᠢ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ᠂ ᠢᠶᠣᠨᠵᠢᠭᠰᠠᠨ ᠤᠰᠤ ᠪᠤᠶᠤ ᠲᠦᠭᠡᠭᠡᠯ ᠤᠰᠤ ᠵᠢ ᠬᠡᠷᠡᠭᠯᠡᠭᠰᠡᠨ ᠴᠦ᠍ ᠪᠦᠷ ᠡᠳᠡᠭᠡᠷ ᠪᠢᠴᠢᠯ ᠰᠦᠯᠢᠶᠣᠣ ᠮᠥᠬᠥᠯᠢᠭ᠎ᠢ ᠢᠯᠡᠷᠡᠭᠦᠯᠳᠡᠭ᠃ ᠡᠨᠡ᠎ᠨᠢ ᠪᠢᠴᠢᠯ ᠰᠦᠯᠢᠶᠣᠣ ᠵᠢᠨ ᠡᠭᠦᠰᠬᠦ ᠴᠠᠭ ᠵᠠᠭᠤᠷ᠎ᠠ ᠵᠢᠨ ᠴᠢᠨᠠᠷ᠎ᠢ ᠭᠡᠷᠡᠴᠢᠯᠡᠵᠡᠶ᠃

      ᠫᠷᠦᠫᠸᠠ᠎ᠤ ᠪᠦᠭᠡᠭᠡᠨᠡᠪᠦᠷᠢ ᠠᠭᠤᠯᠤᠭᠰᠠᠨ ᠨᠢᠯᠬ᠎ᠠ ᠬᠡᠦᠬᠡᠳ᠎ᠤᠨ ᠤᠭᠵᠢᠭᠤᠷ᠎ᠤᠨ ᠯᠤᠩᠬᠤᠨ᠎ᠳᠤ ᠪᠠᠷᠢᠮᠵᠢᠶ᠎ᠠ ᠨᠠᠶ᠋ᠢᠷᠠᠯᠭ᠎ᠠ᠎ᠲᠠᠢ ᠰᠦᠨ ᠲᠠᠯᠬ᠎ᠠ ᠵᠢ ᠬᠢᠬᠦ ᠦᠶᠡᠰ᠂ ᠤᠭᠵᠢᠭᠤᠷ᠎ᠤᠨ ᠯᠣᠩᠬᠣᠨ᠎ᠠᠴᠠ ᠰᠦᠯᠢᠶᠣᠣ ᠪᠢᠴᠢᠯ ᠮᠥᠬᠥᠯᠢᠭ ᠢᠯᠭ᠋ᠠᠷᠠᠭᠤᠯᠵᠤ ᠮᠡᠳᠡᠨ᠎ᠡ᠃

     Https://doi.org/10.1038/s43016-020-00171-y

      ᠫᠷᠦᠫᠸᠠ᠎ᠤ ᠪᠦᠭᠡᠭᠡᠨᠡᠪᠦᠷᠢ ᠪᠣᠯ ᠦᠷᠭᠦᠯᠵᠢ ᠬᠠᠷᠠᠭᠳᠠᠳᠠᠭ ᠰᠦᠯᠢᠶᠣᠣ ᠰᠠᠪᠠ ᠶᠤᠮ᠂ ᠮᠠᠨ᠎ᠤ ᠡᠳᠦᠷ ᠲᠤᠳᠦᠮ᠎ᠤᠨ ᠬᠡᠷᠡᠭᠯᠡᠳᠡᠭ ᠳᠡᠪᠦᠷ᠎ᠡ᠂ ᠴᠣᠮᠣ᠂ ᠬᠣᠭᠣᠯᠠᠨ᠎ᠤ ᠰᠡᠪᠡ᠂ ᠢᠳᠡᠭᠡᠨ᠎ᠤ ᠪᠣᠭᠣᠳᠠᠯ ᠵᠡᠷᠭᠡ᠎ᠨᠢ ᠪᠦᠷ ᠡᠨᠡ ᠵᠦᠢ᠍ᠯ᠎ᠤᠨ ᠮᠠᠲ᠋ᠧᠷᠢᠶᠠᠯ᠎ᠠᠴᠠ ᠢᠷᠡᠯᠳᠠ᠎ᠲᠠᠢ᠃ ᠮᠥᠨ ᠤᠭᠵᠢᠭᠤᠷ ᠵᠶ᠋ᠠᠷ ᠵᠢᠱ᠌ᠢᠶᠡᠯᠡᠬᠦ᠎ᠳᠤ᠂ ᠫᠷᠦᠫᠸᠠ᠎ᠤ ᠪᠦᠭᠡᠭᠡᠨᠡᠪᠦᠷᠢ ᠎ᠲᠠᠢ ᠬᠡᠦᠬᠡᠳ᠎ᠤᠨ ᠤᠭᠵᠢᠭᠤᠷ ᠶᠡᠷᠦᠩᠬᠡᠶ ᠵᠠᠬ᠎ᠠ ᠳᠡᠯᠭᠡᠭᠦᠷ᠎ᠤᠨ 83% ᠵᠢ ᠡᠵᠡᠯᠡᠵᠦ ᠪᠠᠶ᠋ᠢᠳᠠᠭ᠃ ᠬᠠᠷᠢᠨ ᠪᠢᠴᠢᠯ ᠰᠦᠯᠢᠶᠣᠣ ᠬᠤᠭᠵᠢᠷᠠᠵᠤ ᠤᠨᠠᠬᠤ ᠪᠣᠯ ᠫᠷᠦᠫᠸᠠ᠎ᠤ ᠪᠦᠭᠡᠭᠡᠨᠡᠪᠦᠷᠢ ᠵᠢᠨ ᠲᠦᠭᠡᠮᠡᠯ ᠣᠨᠴᠠᠯᠢᠭ ᠪᠣᠯᠤᠨ᠎ᠠ᠃

      ᠡᠭᠦᠨ᠎ᠤ ᠬᠠᠮᠲᠤ᠂ ᠡᠳᠡᠭᠡᠷ ᠪᠢᠴᠢᠯ ᠰᠦᠯᠢᠶᠣᠣ ᠵᠢᠨ ᠮᠥᠬᠥᠯᠢᠭ᠎ᠨᠢ ᠵᠥᠪᠬᠡᠨ ᠤᠭᠵᠢᠭᠤᠷ᠎ᠤᠨ ᠰᠠᠪᠠᠨ ᠎ᠠᠴᠠ ᠬᠣᠭᠵᠢᠷᠠᠭᠰᠠᠨ᠎ᠠᠴᠠ ᠪᠢᠰᠢ᠂ ᠪᠠᠰᠠ ᠨᠢᠭᠡ ᠪᠦᠯᠦᠭ᠎ᠨᠢ ᠤᠤᠭᠤᠬᠤ ᠤᠰᠤᠨ᠎ᠠᠴᠠ ᠪᠣᠯᠤᠭᠰᠠᠨ ᠪᠠᠶ᠋ᠢᠵᠤ ᠮᠡᠳᠡᠨ᠎ᠡ᠃ ᠮᠠᠨ᠎ᠤ ᠡᠳᠦᠷ ᠳᠤᠳᠤᠮ᠎ᠤᠨ ᠠᠮᠢᠳᠤᠷᠠᠯ ᠳᠤᠮᠳᠠᠬᠢ ᠬᠠᠮᠤᠭ᠎ᠤᠨ ᠶᠡᠬᠡ ᠰᠦᠯᠢᠶᠣᠣ ᠵᠢ ᠰᠢᠩᠭᠡᠭᠡᠨ ᠠᠪᠬᠤ ᠢᠷᠡᠯᠲᠡ᠎ᠨᠢ ᠤᠤᠭᠤᠬᠤ ᠤᠰᠤ ᠪᠠᠶ᠋ᠢᠬᠤ ᠶᠣᠰᠣᠲᠠᠶ᠂ ᠡᠩ᠎ᠤᠨ ᠬᠥᠮᠦᠰ ᠭᠠᠷᠠᠭ ᠪᠦᠷᠢ ᠵᠥᠪᠬᠡᠨ ᠯᠣᠩᠬᠣᠨ᠎ᠳᠤ ᠰᠠᠪᠠᠯᠠᠭᠰᠠᠨ ᠤᠰᠤ ᠪᠤᠶᠤ ᠲᠦᠭᠡᠭᠡᠯ ᠤᠰᠤ ᠵᠢ ᠤᠤᠭᠤᠪᠠᠯ 1769 ᠰᠦᠯᠢᠶᠣᠣ ᠵᠢᠨ ᠪᠢᠴᠢᠯ ᠮᠥᠬᠥᠯᠢᠭ᠎ᠢ ᠰᠢᠩᠭᠡᠭᠡᠨ ᠠᠪᠴᠤ ᠪᠣᠯᠤᠨ᠎ᠠ᠃

      ᠢᠳᠡᠰᠢᠨ ᠨᠣᠭᠣᠭ᠎ᠠ ᠪᠠ ᠵᠢᠮᠢᠰ ᠴᠦ᠍ 《ᠴᠡᠪᠡᠷ ᠪᠤᠰᠤ》 ᠪᠠᠶ᠋ᠢᠳᠠᠭ᠃ ᠬᠥᠷᠥᠰᠥᠨ᠎ᠳᠤ ᠮᠥᠨ ᠠᠳᠠᠯᠢᠬᠠᠨ ᠬᠦᠨᠳᠦ ᠨᠣᠴᠢᠲᠠᠶ ᠪᠢᠴᠢᠯ ᠰᠦᠯᠢᠶᠣᠣ ᠵᠢᠨ ᠪᠣᠬᠢᠷᠲᠤᠯ ᠣᠷᠣᠰᠢᠵᠤ᠂ ᠲᠠᠷᠢᠮᠠᠯ᠎ᠳᠤ ᠪᠢᠴᠢᠯ ᠰᠦᠯᠢᠶᠣᠣ ᠵᠢ 《ᠬᠠᠯᠳᠠᠪᠤᠷᠢᠯᠠᠭᠤᠯᠳᠠᠭ》᠃ ᠡᠨᠡ ᠵᠢᠯ ᠬᠣᠶᠠᠷ ᠵᠦᠢ᠍ᠯ᠎ᠤᠨ ᠰᠤᠳᠤᠯᠭ᠋ᠠᠨ᠎ᠳᠤ ᠡᠭᠦᠨ᠎ᠤ ᠲᠤᠬᠠᠶ ᠲᠣᠳᠣᠷᠬᠠᠶ᠋ᠢᠯᠠᠯᠲᠠ ᠬᠢᠬᠦ ᠪᠣᠯᠤᠨ᠎ᠠ᠃

      ᠡᠩ ᠲᠡᠷᠢᠭᠦᠨ᠎ᠳᠤ᠂ 5 ᠰᠠᠷ᠎ᠠ᠎ᠳᠤ᠂ ᠢᠲ᠋ᠠᠯᠢ ᠵᠢᠨ ᠺᠠᠲ᠋ᠠᠨᠢᠶ᠎ᠠ ᠵᠢᠨ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨᠳᠠᠨ 《ᠣᠷᠴᠢᠨ ᠠᠬᠤᠶ ᠵᠢᠨ ᠰᠤᠳᠤᠯᠤᠯ》 (Environmental Research) ᠰᠡᠳᠭᠦᠯ ᠳᠡᠭᠡᠷ᠎ᠡ᠂ ᠲᠤᠬᠠᠶ ᠵᠢᠨ ᠭᠠᠵᠠᠷ᠎ᠤᠨ ᠬᠤᠳᠠᠯᠳᠤᠵᠤ ᠪᠠᠶ᠋ᠢᠭ᠎ᠠ ᠲᠠᠷᠢᠶᠠᠯᠠᠩ᠎ᠤᠨ ᠪᠦᠲᠦᠭᠡᠭᠳᠡᠬᠦᠨ᠎ᠳᠤ ᠴᠥᠮ ᠪᠢᠴᠢᠯ ᠰᠦᠯᠢᠶᠣᠣ ᠠᠭᠤᠯᠤᠭᠳᠠᠵᠤ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃ ᠰᠤᠳᠤᠯᠭ᠋ᠠᠲᠠᠨ ᠳᠡᠭᠦᠵᠦ ᠠᠪᠴᠢᠷᠠᠭᠰᠠᠨ ᠬᠤ ᠯᠤᠤᠪᠠᠩ᠂   ᠲᠥᠭᠥᠬᠡᠢ ᠨᠤᠭᠤᠭ᠎ᠠ᠂ ᠠᠯᠮᠤᠷᠠᠳ ᠪᠣᠯᠤᠨ ᠠᠯᠢᠮ᠎ᠠ ᠵᠡᠷᠭᠡ ᠵᠢᠨ ᠥᠯᠢᠭᠡᠷ ᠡᠳ᠋᠎ᠲᠤ ᠵᠠᠳᠠᠯᠤᠯᠲᠠ ᠬᠢᠭᠡᠳ ᠵᠢᠮᠢᠰ ᠪᠣᠯᠤᠨ ᠢᠳᠡᠰᠢᠨ ᠨᠣᠭᠣᠭ᠎ᠠ ᠵᠢᠨ ᠳᠣᠲᠣᠷ᠎ᠠ ᠵᠢᠵᠢᠭ ᠰᠦᠯᠢᠶᠣᠣ ᠬᠡᠮᠬᠡᠳᠡᠭ ᠣᠷᠣᠰᠢᠵᠤ ᠪᠠᠶ᠋ᠢᠬᠤ ᠵᠢ ᠣᠯᠵᠤ ᠮᠡᠳᠡᠵᠡᠶ᠃

     DOI:101016/j.envres.2020. 109677

      ᠬᠥᠮᠦᠰ᠎ᠤᠨ ᠲᠦᠰᠢᠭᠯᠡᠨ ᠠᠮᠢᠳᠤᠷᠠᠵᠤ ᠪᠠᠢ᠌ᠭ᠎ᠠ ᠠᠭᠤᠷ ᠠᠮᠢᠰᠬᠤᠯ ᠴᠤ᠌ ᠡᠨᠡ ᠬᠦ᠌ ᠭᠠᠶ ᠭᠠᠮᠰᠢᠭ᠎ᠠᠴᠠ ᠮᠤᠯᠲᠤᠷᠠᠵᠤ ᠴᠢᠳᠠᠬᠤ ᠦᠭᠡᠶ ᠶᠤᠮ᠃ 2019 ᠣᠨ᠎ᠳᠤ᠂ ᠶᠠᠫᠣᠨ᠎ᠤ 《ᠪᠠᠷᠠᠭᠤᠨ ᠶᠠᠫᠣᠨ᠎ᠤ ᠰᠣᠨᠢᠨ ᠮᠡᠳᠡᠭᠡ》 ᠵᠢᠨ ᠮᠡᠳᠡᠭᠡᠯᠡᠭᠰᠡᠨ ᠵᠶ᠋ᠠᠷ᠂ ᠹᠦᠺᠦᠺᠠ ᠠᠵᠤ ᠦᠢᠯᠡᠳᠪᠦᠷᠢ ᠵᠢᠨ ᠶᠡᠬᠡ ᠰᠤᠷᠭ᠋ᠠᠭᠤᠯᠢ ᠵᠢᠨ ᠣᠷᠴᠢᠨ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠰᠤᠳᠤᠯᠭ᠋ᠠᠨ᠎ᠤ ᠪᠦᠯᠬᠦᠮ᠎ᠤᠨ᠎ᠬᠢᠨ ᠹᠦᠺᠦᠺᠠ ᠬᠤᠳᠠ ᠵᠢᠨ ᠠᠭ᠋ᠠᠷ ᠳᠣᠲᠣᠷ᠎ᠠ᠎ᠠᠴᠠ ᠬᠥᠪᠦᠮᠡᠯ ᠪᠢᠴᠢᠯ ᠰᠦᠯᠢᠶᠣᠣ ᠵᠢᠨ ᠮᠥᠬᠥᠯᠢᠭ᠎ᠢ ᠪᠠᠶ᠋ᠢᠴᠠᠭ᠋ᠠᠨ ᠭᠠᠷᠭ᠋ᠠᠵᠠᠶ᠃

      ᠡᠳᠡᠭᠡᠷ ᠰᠤᠳᠤᠯᠭ᠋ᠠᠨ᠎ᠨᠢ ᠪᠢᠳᠡᠨ᠎ᠳᠤ ᠪᠢᠴᠢᠯ ᠰᠦᠯᠢᠶᠣᠣ ᠵᠢᠨ ᠪᠣᠬᠢᠷᠲᠤᠯ᠎ᠨᠢ ᠠᠯᠢ ᠬᠡᠳᠦᠶ᠋ᠢᠨ ᠤᠯᠠᠨ ᠭᠠᠵᠠᠷ ᠨᠡᠪᠴᠢᠨ ᠤᠷᠤᠭᠰᠠᠨ᠎ᠢ ᠦᠬᠦᠯᠡᠵᠦ ᠪᠠᠢ᠌ᠭ᠎ᠠ ᠶᠤᠮ᠃

      ᠪᠢᠴᠢᠯ ᠰᠦᠯᠢᠶᠣᠣ᠎ᠨᠢ ᠡᠷᠡᠭᠦᠯ ᠮᠡᠨᠳᠦ᠎ᠳᠤ ᠶᠠᠮᠠᠷ ᠶᠠᠮᠠᠷ ᠬᠣᠣᠷ ᠬᠥᠨᠥᠭᠡᠯ᠎ᠲᠠᠢ ᠪᠣᠢ?
      ᠳᠠᠯᠠᠢ ᠵᠢᠨ ᠪᠢᠴᠢᠯ ᠰᠦᠯᠢᠶᠣᠣ ᠵᠢᠨ ᠡᠵᠡᠯᠡᠬᠦᠨ᠎ᠨᠢ ᠪᠠᠭ᠎ᠠ᠂ ᠭᠡᠪᠡᠴᠦ ᠪᠣᠬᠢᠷᠲᠤᠯ ᠪᠣᠳᠠᠰ᠎ᠢ ᠰᠣᠷᠣᠨ ᠨᠠᠭ᠋ᠠᠯᠳᠤᠭᠤᠯᠬᠤ ᠴᠢᠳᠠᠪᠤᠷᠢ᠎ᠨᠢ ᠮᠠᠰᠢ ᠴᠢᠩᠭ᠎ᠠ ᠪᠠᠶ᠋ᠢᠳᠠᠭ᠃ ᠵᠢᠱ᠌ᠢᠶᠡᠯᠡᠪᠡᠯ᠂ ᠬᠡᠷᠪᠡ ᠳᠠᠯᠠᠢ ᠲᠠᠩᠭᠢᠰ᠎ᠤᠨ ᠣᠷᠴᠢᠨ ᠠᠬᠤᠢ ᠳᠣᠲᠣᠷ᠎ᠠ ᠤᠯᠠᠨ ᠾᠯᠣᠷᠲᠤ ᠬᠤᠯᠪᠤᠯᠳᠤᠮᠠᠯ ᠪᠤᠨ᠋ᠽᠤᠨ᠂ ᠬᠣᠣᠰ ᠹᠤᠨᠤᠯ A ᠵᠡᠷᠭᠡ ᠳᠠᠭ᠋ᠠᠭ᠋ᠠᠮᠠᠭ᠋ᠠᠶ ᠴᠢᠨᠠᠷᠲᠠᠶ ᠣᠷᠭ᠋ᠠᠨᠢᠭ ᠪᠣᠬᠢᠷᠲᠤᠯ ᠪᠣᠳᠠᠰ ᠣᠷᠣᠰᠢᠵᠤ ᠪᠠᠶ᠋ᠢᠪᠠᠯ᠂ ᠪᠢᠴᠢᠯ ᠰᠦᠯᠢᠶᠣᠣ ᠪᠣᠯᠤᠨ ᠡᠳᠡᠭᠡᠷ ᠪᠣᠬᠢᠷᠲᠤᠯ ᠪᠣᠳᠠᠰ᠎ᠲᠠᠢ ᠨᠡᠢ᠌ᠯᠡᠪᠡᠯ ᠨᠢᠭᠡᠨ ᠣᠷᠭ᠋ᠠᠨᠢᠭ ᠪᠣᠬᠢᠷᠲᠤᠯᠳᠤ ᠪᠥᠮᠪᠥᠷᠴᠡᠭ ᠪᠡᠶᠡᠲᠦ ᠪᠣᠯᠤᠨ ᠪᠥᠭᠡᠮᠨᠡᠷᠡᠵᠦ ᠪᠦᠷᠢᠯᠳᠦᠳᠡᠭ᠃ ᠪᠢᠴᠢᠯ ᠰᠦᠯᠢᠶᠣᠣ᠎ᠨᠢ ᠪᠣᠬᠢᠷᠲᠤᠯ ᠪᠣᠳᠠᠰ᠎ᠤᠨ ᠤᠨᠤᠯᠭ᠎ᠠ ᠪᠤᠯᠵᠤ᠂ ᠬᠣᠶᠠᠭᠤᠯᠠ ᠤᠶᠠᠯᠳᠤᠪᠠᠯ ᠣᠷᠴᠢᠨ ᠲᠣᠭᠣᠷᠢᠨ᠎ᠤ ᠭᠠᠵᠠᠷ ᠪᠣᠯᠭ᠋ᠠᠨ᠎ᠳᠤ ᠬᠡᠰᠦᠵᠦ ᠪᠣᠯᠤᠨ᠎ᠠ᠃

      ᠪᠢᠴᠢᠯ ᠰᠦᠯᠢᠶᠣᠣ ᠵᠢᠨ ᠨᠢᠭᠡ ᠬᠡᠰᠡᠭ᠎ᠨᠢ ᠰᠦᠯᠢᠶᠣᠣ ᠪᠦᠲᠦᠭᠡᠭᠳᠡᠬᠦᠨ᠎ᠠᠴᠠ ᠢᠷᠡᠯᠳᠡ᠎ᠲᠠᠢ ᠪᠠᠢ᠌ᠵᠤ᠂ ᠲᠤᠰ ᠪᠡᠶ᠎ᠡ᠎ᠠᠴᠠ᠎ᠨᠢ ᠬᠣᠣᠷ ᠬᠥᠨᠥᠭᠡᠯ᠎ᠲᠠᠢ ᠪᠣᠳᠠᠰ ᠢᠯᠭ᠋ᠠᠷᠠᠵᠤ᠂ ᠳᠠᠯᠠᠢ ᠲᠠᠩᠭᠢᠰ᠎ᠤᠨ ᠣᠷᠴᠢᠨ ᠠᠬᠤᠢ ᠲᠣᠭᠣᠷᠢᠨ᠎ᠳᠤ ᠰᠢᠭᠤᠳ ᠬᠣᠣᠷ ᠬᠥᠨᠥᠭᠡᠯ ᠤᠴᠠᠷᠠᠭᠤᠯᠳᠠᠭ᠃ ᠡᠭᠦᠨ᠎ᠤ ᠬᠠᠮᠲᠤ ᠪᠢᠴᠢᠯ ᠰᠦᠯᠢᠶᠣᠣ᠎ᠨᠢ ᠳᠠᠯᠠᠢ ᠵᠢᠨ ᠠᠮᠢᠳᠤ ᠪᠣᠳᠠᠰ᠎ᠳᠤ ᠠᠮᠠᠷᠬᠠᠨ ᠵᠠᠯᠭᠢᠭᠳᠠᠵᠤ᠂ ᠳᠠᠯᠠᠢ ᠵᠢᠨ ᠠᠮᠢᠳᠤ ᠪᠣᠳᠠᠰ᠎ᠤᠨ ᠪᠡᠶ᠎ᠡ᠎ᠳᠤ ᠬᠤᠷᠠᠮᠳᠤᠵᠤ᠂ ᠳᠠᠯᠠᠢ ᠵᠢᠨ ᠠᠮᠢᠳᠤ ᠪᠣᠳᠠᠰ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠵᠤ᠂ ᠲᠠᠯᠠᠢ ᠲᠠᠩᠭᠢᠰ᠎ᠤᠨ ᠠᠮᠢ ᠠᠬᠤᠶ ᠵᠢᠨ ᠰᠢᠰᠲ᠋ᠧᠮ᠎ᠤᠨ ᠲᠣᠭᠲᠠᠭᠤᠨ ᠪᠠᠶ᠋ᠢᠳᠠᠯ᠎ᠳᠤ ᠬᠣᠣᠷ ᠬᠥᠨᠥᠭᠡᠯ ᠤᠴᠠᠷᠠᠭᠤᠯᠳᠠᠭ᠃ ᠣᠷᠴᠢᠨ ᠲᠣᠭᠣᠷᠢᠨ᠎ᠳᠤ ᠨᠢᠭᠤᠭᠳᠠᠵᠤ ᠪᠠᠶ᠋ᠢᠭ᠎ᠠ ᠪᠢᠴᠢᠯ ᠰᠦᠯᠢᠶᠣᠣ᠎ᠨᠢ ᠡᠴᠦᠰ᠎ᠲᠡᠭᠡᠨ ᠢᠳᠡᠰᠢᠨ ᠭᠢᠨᠵᠢ᠎ᠪᠠᠷ ᠳᠠᠮᠵᠢᠨ ᠬᠥᠮᠦᠨ ᠲᠥᠷᠥᠯᠬᠢᠲᠡᠨ᠎ᠤ ᠪᠡᠶ᠎ᠡ᠎ᠳᠤ ᠣᠷᠣᠳᠠᠭ᠃ 2018 ᠣᠨ᠎ᠳᠤ᠂ ᠧᠦ᠋ᠷᠣᠫᠠ ᠲᠢᠪ᠎ᠤᠨ ᠬᠣᠳᠤᠭᠤᠳᠤ ᠭᠡᠳᠡᠰᠦᠨ᠎ᠤ ᠡᠪᠡᠳᠴᠢᠨ ᠰᠤᠳᠤᠯᠭ᠋ᠠᠨ᠎ᠤ ᠨᠡᠶ᠋ᠢᠭᠡᠮᠯᠢᠭ᠎ᠤᠨ ᠠᠩᠬᠠᠳᠠᠭᠴᠢ ᠮᠡᠳᠡᠭᠦᠯᠦᠯᠲᠡ᠎ᠳᠤ ᠬᠥᠮᠦᠨ᠎ᠤ ᠪᠡᠶ᠎ᠡ ᠵᠢᠨ ᠪᠠᠭ᠋ᠠᠰᠤᠨ᠎ᠠᠴᠠ 9 ᠵᠦᠢ᠍ᠯ᠎ᠤᠨ ᠪᠢᠴᠢᠯ ᠰᠦᠯᠢᠶᠣᠣ ᠵᠢ ᠪᠠᠶ᠋ᠢᠴᠠᠭ᠋ᠠᠨ ᠣᠯᠵᠤ᠂ ᠳ᠋ᠢᠶᠠᠮᠧᠲᠷ᠎ᠨᠢ 50μm᠎ᠠᠴᠠ 500μm᠎ᠤᠨ ᠬᠣᠭᠣᠷᠣᠨᠳᠣ ᠪᠠᠶ᠋ᠢᠬᠤ ᠵᠢ ᠪᠠᠶ᠋ᠢᠴᠠᠭ᠋ᠠᠨ ᠣᠯᠵᠠᠢ᠃ ᠡᠨᠡ᠎ᠨᠢ ᠪᠢᠳᠡᠨ᠎ᠳᠤ ᠪᠢᠴᠢᠯ ᠰᠦᠯᠢᠶᠣᠣ ᠬᠥᠮᠦᠨ᠎ᠤ ᠬᠣᠳᠣᠭᠣᠳᠣ ᠭᠡᠳᠡᠰᠦᠨ᠎ᠳᠤ ᠬᠦᠷᠴᠦ᠂ ᠰᠢᠩᠭᠡᠭᠡᠯᠲᠡ ᠵᠢᠨ ᠰᠢᠰᠲ᠋ᠧᠮ᠎ᠢ ᠨᠥᠯᠥᠭᠡᠯᠡᠵᠦ ᠮᠡᠳᠡᠬᠦ ᠵᠢ ᠬᠠᠷᠠᠭᠤᠯᠵᠤ ᠪᠠᠶ᠋ᠢᠨ᠎ᠠ᠃
      ᠪᠢᠴᠢᠯ ᠰᠦᠯᠢᠶᠣᠣ ᠵᠢᠨ ᠮᠥᠬᠥᠯᠢᠭ᠎ᠨᠢ ᠬᠡᠳᠦᠢ᠌ᠪᠡᠷ ᠢᠯᠭ᠋ᠠᠷᠠᠨ ᠭᠠᠷᠴᠤ ᠢᠷᠡᠳᠡᠭ ᠪᠣᠯᠪᠠᠴᠤ ᠪᠡᠶ᠎ᠡ ᠵᠢᠨ ᠳᠣᠲᠣᠭ᠋ᠠᠳᠤ᠎ᠳᠤ ᠦᠯᠡᠳᠡᠨ ᠬᠤᠷᠠᠮᠳᠤᠵᠤ ᠪᠠᠶ᠋ᠢᠬᠤ ᠡᠰᠡᠬᠦ ᠵᠢ ᠬᠠᠷᠠᠬᠠᠨ ᠮᠡᠳᠡᠭᠡᠳᠦᠶ ᠪᠠᠶ᠋ᠢᠭᠰᠠᠭ᠋ᠠᠷ᠃ ᠭᠡᠪᠡᠴᠦ ᠮᠠᠨ᠎ᠤ ᠨᠢᠭᠡᠨᠲᠡ ᠮᠡᠳᠡᠭᠰᠡᠨ ᠬᠠᠮᠤᠭ᠎ᠤᠨ ᠵᠢᠵᠢᠭ ᠪᠢᠴᠢᠯ ᠰᠦᠯᠢᠶᠣᠣ — ᠨᠠᠨᠦᠮᠧᠲᠷ ᠰᠦᠯᠢᠶᠣᠣ ᠮᠥᠬᠥᠯᠢᠭ᠎ᠨᠢ ᠴᠢᠰᠤ᠂ ᠯᠢᠮᠹᠠ ᠵᠢᠨ ᠰᠢᠰᠲ᠋ᠧᠮ ᠪᠠ ᠡᠯᠢᠭᠡᠨ᠎ᠳᠤ ᠣᠷᠣᠳᠠᠭ᠃ ᠬᠡᠷᠡᠭᠯᠡᠭᠰᠡᠨ ᠲᠣᠮᠢᠶᠠᠯᠠᠯ᠎ᠢ ᠦᠨᠳᠦᠰᠦᠯᠡᠪᠡᠯ᠂ ᠬᠡᠮᠵᠢᠶ᠎ᠡ᠎ᠨᠢ 1000nm᠎ᠠᠴᠠ ᠪᠠᠭ᠎ᠠ ᠪᠤᠶᠤ 100nm᠎ᠠᠴᠠ ᠪᠠᠭ᠎ᠠ ᠰᠦᠯᠢᠶᠣᠣ ᠵᠢ ᠣᠷᠴᠢᠨ ᠲᠣᠭᠣᠷᠢᠨ ᠪᠠ ᠬᠥᠮᠦᠨ ᠲᠥᠷᠥᠯᠬᠢᠲᠡᠨ᠎ᠤ ᠡᠷᠡᠭᠦᠯ ᠮᠡᠨᠳᠤ᠎ᠳᠤ ᠭᠣᠣᠯ ᠰᠦᠷᠳᠡᠭᠦᠯᠦᠯ ᠪᠤᠯᠵᠤ ᠪᠠᠶ᠋ᠢᠨ᠎ᠠ ᠭᠡᠵᠦ ᠦᠵᠡᠳᠡᠭ᠃

      ᠣᠳᠣᠬᠠᠨ᠎ᠳᠤ ᠪᠢᠴᠢᠯ ᠰᠦᠯᠢᠶᠣᠣ᠎ᠨᠢ ᠬᠥᠮᠦᠨ᠎ᠤ ᠪᠡᠶ᠎ᠡ ᠵᠢᠨ ᠡᠷᠡᠭᠦᠯ ᠮᠡᠨᠳᠦ᠎ᠳᠤ ᠶᠠᠮᠠᠷ ᠶᠠᠮᠠᠷ ᠬᠣᠣᠷ ᠬᠥᠨᠥᠭᠡᠯ᠎ᠲᠠᠢ ᠪᠠᠶ᠋ᠢᠬᠤ ᠵᠢ ᠬᠠᠷᠠᠬᠠᠨ ᠭᠡᠷᠡᠴᠢᠯᠡᠭᠡᠳᠦᠶ ᠪᠣᠯᠪᠠᠴᠤ ᠰᠡᠷᠡᠮᠵᠢᠯᠡᠭᠦᠰᠢᠲᠡᠶ ᠵᠦᠢ᠍ᠯ ᠭᠡᠪᠡᠯ᠂ ᠪᠢᠴᠢᠯ ᠰᠦᠯᠢᠶᠣᠣ᠎ᠨᠢ ᠴᠢᠰᠤ᠂ ᠯᠢᠮᠹᠠ ᠵᠢᠨ ᠰᠢᠰᠲ᠋ᠧᠮ᠎ᠳᠤ ᠣᠷᠣᠬᠤ᠂ ᠴᠢᠨᠠᠭᠰᠢᠯᠠᠨ ᠡᠯᠢᠭᠡ᠂ ᠭᠡᠳᠡᠰᠦᠨ᠎ᠳᠠᠬᠢ ᠪᠢᠴᠢᠯ ᠰᠦᠯᠢᠶᠣᠣ᠎ᠨᠢ ᠰᠢᠩᠭᠡᠭᠡᠯᠲᠡ ᠵᠢᠨ ᠰᠢᠰᠲ᠋ᠧᠮ᠎ᠤᠨ ᠦᠯᠦ ᠬᠠᠯᠳᠠᠭ᠋ᠠᠬᠤ ᠤᠷᠪᠠᠯ᠎ᠢ ᠨᠥᠯᠥᠭᠡᠯᠡᠵᠦ᠂ ᠡᠴᠦᠰ᠎ᠲᠡᠭᠡᠨ ᠬᠥᠮᠦᠨ ᠲᠥᠷᠥᠯᠬᠢᠲᠡᠨ᠎ᠤ ᠡᠷᠡᠭᠦᠯ ᠮᠡᠨᠳᠦ᠎ᠳᠤ ᠬᠣᠣᠷ ᠬᠥᠨᠥᠭᠡᠯ ᠤᠴᠠᠷᠠᠭᠤᠯᠳᠠᠭ᠃

      ᠪᠢᠴᠢᠯ ᠰᠦᠯᠢᠶᠣᠣ ᠵᠢᠨ ᠣᠷᠣᠰᠢᠬᠤ ᠬᠡᠯᠪᠡᠷᠢ᠎ᠨᠢ ᠤᠯᠠᠨ ᠶᠠᠩᠵᠤ ᠵᠢᠨ ᠪᠠᠶ᠋ᠢᠵᠤ᠂ ᠪᠦᠷᠢᠯᠳᠦᠬᠦ ᠲᠣᠭᠲᠠᠴᠠ᠎ᠨᠢ ᠨᠠᠷᠢᠨ ᠪᠤᠳᠤᠯᠢᠶᠠᠨᠲᠠᠶ ᠲᠠᠯᠠᠢ ᠲᠠᠩᠭᠢᠰ᠎ᠤᠨ ᠬᠣᠭ ᠨᠣᠪᠰᠢ ᠪᠠ ᠲᠠᠯᠠᠢ ᠲᠠᠩᠭᠢᠰ᠎ᠤᠨ ᠪᠢᠴᠢᠯ ᠰᠦᠯᠢᠶᠣᠣ ᠵᠢᠨ ᠪᠣᠬᠢᠷᠲᠤᠯ᠎ᠤᠨ ᠠᠰᠠᠭᠤᠳᠠᠯ᠎ᠨᠢ ᠨᠡᠶ᠋ᠢᠭᠡᠮ ᠨᠡᠶ᠋ᠢᠲᠡ ᠵᠢᠨ ᠠᠩᠬᠠᠷᠤᠯ᠎ᠢ ᠥᠷᠭᠡᠨ ᠵᠶ᠋ᠠᠷ ᠲᠠᠲᠠᠵᠤ ᠪᠠᠶ᠋ᠢᠨ᠎ᠠ᠃ ᠠᠮᠢ ᠠᠬᠤᠶ ᠵᠢᠨ ᠣᠷᠴᠢᠨ ᠲᠤᠭᠤᠷᠢᠨ᠎ᠤ ᠶᠠᠮᠤᠨ᠎ᠤ ᠲᠡᠯᠡᠶ ᠲᠠᠩᠭᠢᠰ᠎ᠤᠨ ᠠᠮᠢ ᠠᠬᠤᠶ ᠵᠢᠨ ᠣᠷᠴᠢᠨ ᠨᠥᠬᠥᠴᠡᠯ᠎ᠤᠨ   ᠵᠤᠷᠠᠭ᠋ᠠᠨ᠎ᠤ ᠳᠡᠳ᠋ ᠳᠠᠷᠤᠭ᠎ᠠ 霍 ᠡᠾᠦᠸᠧ ᠴᠤᠸᠠᠨ ᠯᠢᠨ᠎ᠤ ᠦᠵᠡᠬᠦ᠎ᠪᠠᠷ᠂ ᠲᠡᠯᠡᠶ ᠲᠠᠩᠭᠢᠰ᠎ᠤᠨ ᠬᠣᠭ ᠨᠣᠪᠰᠢ ᠵᠢᠨ ᠲᠠᠯ᠎ᠠ᠎ᠠᠴᠠ ᠶᠠᠷᠢᠬᠤ᠎ᠳᠤ᠂ ᠰᠦᠯᠢᠶᠣᠣ ᠬᠣᠭ ᠨᠣᠪᠰᠢ ᠪᠣᠯ ᠲᠡᠯᠡᠶ ᠲᠠᠩᠭᠢᠰ᠎ᠤᠨ ᠬᠣᠭ ᠨᠣᠪᠰᠢ ᠵᠢᠨ ᠳᠣᠲᠣᠷ᠎ᠠ ᠡᠵᠡᠯᠡᠬᠦ ᠬᠠᠷᠢᠴᠠᠯ᠎ᠨᠢ ᠬᠠᠮᠤᠭ᠎ᠤᠨ ᠶᠡᠬᠡ ᠪᠠᠶ᠋ᠢᠵᠤ᠂ ᠪᠠᠷᠤᠭ 80% ᠣᠷᠴᠢᠮ ᠪᠠᠶ᠋ᠢᠳᠠᠭ᠃

ᠣᠳᠣᠬᠠᠨ᠎ᠳᠤ᠂ ᠪᠢᠴᠢᠯ ᠰᠦᠯᠢᠶᠣᠣ ᠵᠢᠨ ᠢᠷᠡᠯᠳᠡ ᠵᠢ ᠦᠨᠳᠦᠰᠦᠯᠡᠨ ᠠᠩᠬ᠎ᠠ ᠡᠬᠦᠰᠦᠭᠰᠡᠨ ᠪᠢᠴᠢᠯ ᠰᠦᠯᠢᠶᠣᠣ ᠪᠠ ᠳᠠᠬᠢᠨ ᠡᠭᠦᠰᠦᠭᠰᠡᠨ ᠪᠢᠴᠢᠯ ᠰᠦᠯᠢᠶᠣᠣ ᠭᠡᠵᠦ ᠬᠣᠶᠠᠷ ᠶᠡᠬᠡ ᠲᠦᠷᠦᠯ᠎ᠳᠤ ᠬᠤᠪᠢᠶᠠᠵᠤ ᠪᠣᠯᠤᠨ᠎ᠠ᠃ ᠠᠩᠬ᠎ᠠ ᠡᠭᠦᠰᠦᠭᠰᠡᠨ ᠪᠢᠴᠢᠯ ᠰᠦᠯᠢᠶᠣᠣ ᠭᠡᠳᠡᠭ᠎ᠨᠢ ᠭᠣᠣᠯ ᠮᠥᠷᠡᠨ᠂ ᠪᠣᠬᠢᠷ ᠤᠰᠤ ᠵᠢ ᠰᠢᠢᠳᠪᠦᠷᠢᠯᠡᠬᠦ ᠦᠢ᠍ᠯᠡᠳᠪᠦᠷᠢ ᠵᠡᠷᠭᠡ᠎ᠪᠠᠷ ᠳᠠᠮᠵᠢᠨ ᠳᠠᠯᠠᠢ ᠲᠠᠩᠭᠢᠰ᠎ᠤᠨ ᠣᠷᠴᠢᠨ ᠠᠬᠤᠢ ᠳᠣᠲᠣᠷ᠎ᠠ ᠭᠠᠳᠠᠭᠰᠢᠯᠠᠭᠤᠯᠵᠤ ᠪᠠᠶ᠋ᠢᠭ᠎ᠠ ᠰᠦᠯᠢᠶᠣᠣ ᠮᠥᠬᠥᠯᠢᠭ᠎ᠤᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠢ ᠵᠢᠭ᠋ᠠᠵᠤ ᠪᠠᠶ᠋ᠢᠨ᠎ᠠ᠃ ᠳᠠᠬᠢᠨ ᠡᠭᠦᠰᠦᠮᠡᠯ ᠪᠢᠴᠢᠯ ᠰᠦᠯᠢᠶᠣᠣ ᠪᠣᠯ ᠳᠤᠮᠤ ᠬᠡᠯᠪᠡᠷᠢ ᠵᠢᠨ ᠰᠦᠯᠢᠶᠣᠣ ᠬᠣᠭ ᠨᠣᠪᠰᠢ ᠵᠢᠨ ᠹᠢᠽᠢᠺ᠂ ᠬᠢᠮᠢ ᠪᠣᠯᠤᠨ ᠠᠮᠢᠳᠤ ᠪᠣᠳᠠᠰ᠎ᠤᠨ ᠶᠠᠪᠤᠴᠠ᠎ᠪᠠᠷ ᠳᠠᠮᠵᠢᠨ ᠵᠠᠳᠠᠷᠠᠵᠤ᠂ ᠡᠵᠡᠯᠡᠬᠦᠨ᠎ᠨᠢ ᠪᠠᠭ᠋ᠠᠰᠤᠭ᠋ᠠᠳ ᠪᠤᠢ ᠪᠣᠯᠤᠭᠰᠠᠨ ᠰᠦᠯᠢᠶᠣᠣ ᠮᠥᠬᠥᠯᠢᠭ ᠪᠣᠯᠤᠨ᠎ᠠ᠃

      ᠣᠷᠴᠢᠨ ᠲᠣᠭᠣᠷᠢᠨ᠎ᠳᠠᠬᠢ ᠪᠢᠴᠢᠯ ᠰᠦᠯᠢᠶᠣᠣ ᠵᠢ ᠨᠢᠳᠦ᠎ᠪᠠᠷ ᠣᠯᠵᠤ ᠬᠠᠷᠠᠬᠤᠶ᠎ᠠ ᠪᠡᠷᠬᠡ᠂ ᠭᠡᠪᠡᠴᠦ ᠡᠳᠡᠭᠡᠷ ᠠᠳᠠᠯᠢ ᠪᠤᠰᠤ ᠢᠷᠡᠯᠳᠡ᠎ᠲᠠᠢ ᠰᠦᠯᠢᠶᠣᠣ᠎ᠨᠢ ᠹᠢᠽᠢᠺ᠂ ᠬᠢᠮᠢ᠂ ᠠᠮᠢᠳᠤ ᠪᠣᠳᠠᠰ ᠵᠡᠷᠭᠡ᠎ᠪᠠᠷ ᠲᠠᠮᠵᠢᠨ ᠱᠠᠳᠤ ᠱᠠᠳᠤ᠎ᠪᠠᠷ ᠵᠠᠳᠠᠷᠠᠵᠤ᠂ ᠶᠡᠬᠡ ᠪᠠᠶ᠋ᠢᠭᠰᠠᠨ᠎ᠠᠴᠠ᠎ᠪᠠᠨ ᠪᠠᠭ᠎ᠠ ᠪᠤᠯᠵᠤ᠂ ᠪᠠᠭ᠎ᠠ ᠪᠠᠶ᠋ᠢᠭᠰᠠᠨ᠎ᠠᠴᠠ᠎ᠪᠠᠨ ᠪᠢᠴᠢᠯ ᠪᠤᠯᠵᠤ᠂ ᠪᠠᠷᠤᠭ ᠪᠦᠬᠦ ᠳᠡᠯᠡᠬᠡᠶ᠎ᠳᠤ ᠲᠦᠭᠡᠵᠦ ᠪᠠᠶ᠋ᠢᠨ᠎ᠠ᠃ ᠬᠣᠯᠪᠣᠭᠳᠠᠯ ᠪᠥᠬᠥᠶ ᠲᠤᠰᠬᠠᠶ ᠮᠡᠷᠭᠡᠵᠢᠯᠲᠡᠨ᠎ᠤ ᠬᠡᠯᠡᠬᠦ᠎ᠪᠠᠷ᠂ ᠬᠡᠷᠪᠡ ᠲᠡᠯᠡᠶ ᠲᠠᠩᠭᠢᠰ᠎ᠤᠨ ᠰᠦᠯᠢᠶᠣᠣ ᠵᠢᠨ ᠪᠣᠬᠢᠷᠲᠤᠯ᠎ᠢ ᠳᠤᠷ᠎ᠠ᠎ᠪᠠᠷ᠎ᠨᠢ ᠲᠠᠯᠪᠢᠬᠤ ᠠᠰᠠᠭᠤᠳᠠᠯ ᠦᠷᠭᠦᠯᠵᠢᠯᠡᠬᠦ᠎ᠳᠤ ᠭᠦᠷᠪᠡᠯ᠂ ᠵᠢᠱ᠌ᠢᠯᠲᠡ᠎ᠪᠠᠷ 2050 ᠣᠨ ᠪᠣᠯᠬᠤ᠎ᠳᠤ᠂ ᠲᠡᠯᠡᠶ ᠲᠠᠩᠭᠢᠰ᠎ᠲᠠᠬᠢ ᠰᠦᠯᠢᠶᠣᠣ ᠵᠢᠨ ᠶᠡᠷᠦᠩᠬᠡᠶ ᠬᠦᠨᠳᠦᠴᠡ᠎ᠨᠢ ᠵᠢᠭ᠋ᠠᠰᠤᠨ᠎ᠤ ᠲᠥᠷᠥᠯ᠎ᠤᠨ ᠶᠡᠷᠦᠩᠬᠡᠶ ᠨᠡᠶ᠋ᠢᠯᠡᠪᠦᠷᠢ᠎ᠠᠴᠠ ᠳᠠᠪᠠᠵᠤ᠂ ᠪᠥᠬᠥ ᠳᠡᠯᠡᠬᠡᠶ ᠵᠢᠨ 99% ᠵᠢᠨ ᠲᠡᠯᠡᠶ ᠵᠢᠨ ᠰᠢᠪᠠᠭᠤ ᠴᠥᠮ ᠰᠦᠯᠢᠶᠣᠣ ᠵᠢᠨ ᠪᠦᠲᠦᠭᠡᠭᠳᠡᠬᠦᠨ᠎ᠢ ᠡᠨᠳᠡᠭᠦᠷᠡᠨ ᠢᠳᠡᠵᠦ᠂ 《ᠡᠴᠦᠰ᠎ᠲᠡᠭᠡᠨ ᠬᠥᠮᠦᠨ ᠲᠥᠷᠥᠯᠬᠢᠲᠡᠨ ᠪᠠ ᠲᠡᠯᠡᠶ ᠲᠠᠩᠭᠢᠰ᠎ᠢ ᠬᠣᠬᠢᠷᠠᠭᠤᠯᠬᠤ ᠪᠣᠯᠤᠨ᠎ᠠ》᠃

      ᠡᠬᠢ ᠡᠭᠦᠰᠦᠯ᠎ᠠᠴᠠ᠎ᠨᠢ ᠬᠡᠮᠵᠢᠶ᠎ᠡ ᠵᠢ ᠪᠠᠭ᠋ᠠᠰᠬᠠᠬᠤ ᠵᠢ ᠦᠨᠡᠨ ᠬᠦ᠌ ᠪᠠᠲᠤᠯᠠᠵᠤ᠂ ᠪᠥᠬᠥ ᠪᠥᠮᠪᠥᠷᠴᠡᠭ᠎ᠢ ᠬᠠᠮᠳᠤ᠎ᠪᠠᠷ ᠵᠠᠰᠠᠬᠤ ᠵᠢ᠎ᠢ ᠴᠢᠩᠭ᠋ᠠᠳᠬᠠᠶ᠎ᠠ
      ᠮᠠᠨ᠎ᠤ ᠤᠯᠤᠰ ᠪᠣᠯ ᠰᠦᠯᠢᠶᠣᠣ ᠦᠢ᠍ᠯᠡᠳᠪᠦᠷᠢᠯᠡᠬᠦ ᠲᠤᠮᠤ ᠤᠯᠤᠰ ᠮᠥᠨ᠂ ᠭᠡᠪᠡᠴᠦ ᠰᠦᠯᠢᠶᠣᠣ ᠵᠢᠨ ᠬᠣᠭ ᠨᠣᠪᠰᠢ ᠪᠠ ᠲᠠᠯᠠᠢ ᠲᠠᠩᠭᠢᠰ᠎ᠤᠨ ᠪᠢᠴᠢᠯ ᠰᠦᠯᠢᠶᠣᠣ ᠵᠢᠨ ᠪᠣᠬᠢᠷᠲᠤᠯ᠎ᠤᠨ ᠲᠤᠮᠤ ᠤᠯᠤᠰ ᠪᠢᠰᠢ᠃ 2019 ᠣᠨ᠎ᠤ ᠬᠢᠨᠠᠨ ᠬᠡᠮᠵᠢᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ ᠮᠠᠨ᠎ᠤ ᠤᠯᠤᠰ᠎ᠤᠨ ᠣᠶ᠋ᠢᠷ᠎ᠠ ᠲᠡᠯᠡᠶ ᠵᠢᠨ ᠥᠩᠭᠡᠨ ᠳᠠᠪᠬᠤᠷᠭ᠎ᠠ ᠵᠢᠨ ᠤᠰᠤᠨ ᠴᠣᠭᠴᠠ ᠵᠢᠨ ᠪᠢᠴᠢᠯ ᠰᠦᠯᠢᠶᠣᠣ ᠵᠢᠨ ᠠᠭᠤᠯᠤᠭᠳᠠᠴᠠ ᠳᠤᠮᠳᠠ ᠳᠣᠤᠷ᠎ᠠ ᠲᠦᠪᠰᠢᠨ᠎ᠳᠤ ᠣᠷᠣᠰᠢᠵᠤ ᠪᠠᠶ᠋ᠢᠨ᠎ᠠ᠃ ᠡᠨᠡ ᠬᠦ᠌ ᠦᠷ᠎ᠡ ᠳ᠋ᠦᠩ᠎ᠢ ᠣᠯᠤᠭᠰᠠᠨ᠎ᠨᠢ ᠮᠠᠨ᠎ᠤ ᠤᠯᠤᠰ᠎ᠤᠨ ᠨᠠᠮ ᠵᠠᠰᠠᠭ᠎ᠤᠨ ᠤᠷᠳᠤ ᠬᠤᠭᠤᠴᠠᠭ᠋ᠠᠨ᠎ᠤ ᠳᠡᠭᠡᠳᠦ ᠬᠡᠮᠵᠢᠶᠡᠨ᠎ᠤ ᠴᠢᠬᠤᠯᠠᠴᠢᠯᠠᠯ᠎ᠠᠴᠠ ᠰᠠᠯᠵᠤ ᠴᠢᠳᠠᠬᠤ ᠦᠭᠡᠢ ᠮᠥᠷᠲᠡᠭᠡᠨ ᠪᠠᠰᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠲᠤ ᠵᠢᠨ ᠴᠢᠷᠮᠠᠶ᠋ᠢᠯᠭ᠎ᠠ᠎ᠠᠴᠠ ᠰᠠᠯᠵᠤ ᠴᠢᠳᠠᠬᠤ ᠦᠭᠡᠢ ᠶᠤᠮ᠃

      ᠪᠢᠴᠢᠯ ᠰᠦᠯᠢᠶᠣᠣ ᠵᠢᠨ ᠪᠣᠬᠢᠷᠲᠤᠯ᠎ᠢ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠭ᠋ᠠᠬᠤ ᠵᠢᠨ ᠲᠥ᠋ᠯᠥᠭᠡ᠂ ᠮᠠᠨ᠎ᠤ ᠤᠯᠤᠰ 2007 ᠣᠨ᠎ᠠᠴᠠ ᠡᠬᠢᠯᠡᠨ ᠳᠠᠯᠠᠢ ᠲᠠᠩᠭᠢᠰ᠎ᠤᠨ ᠬᠣᠭ ᠨᠣᠪᠰᠢ ᠵᠢ ᠬᠢᠨᠠᠨ ᠬᠡᠮᠵᠢᠬᠦ ᠠᠵᠢᠯ᠎ᠢ ᠵᠢᠩᠬᠢᠨᠢ᠎ᠪᠠᠷ ᠡᠬᠢᠯᠡᠭᠦᠯᠦᠭᠰᠡᠨ ᠪᠥᠭᠡᠳ 2016 ᠣᠨ᠎ᠳᠤ ᠳᠠᠯᠠᠢ ᠲᠠᠩᠭᠢᠰ᠎ᠤᠨ ᠪᠢᠴᠢᠯ ᠰᠦᠯᠢᠶᠣᠣ ᠵᠢ ᠬᠢᠨᠠᠨ ᠬᠡᠮᠵᠢᠬᠦ ᠬᠡᠪᠴᠢᠶᠡᠨ᠎ᠳᠤ ᠣᠷᠣᠭᠤᠯᠵᠤ᠂ 2017 ᠣᠨ᠎ᠳᠤ ᠠᠩᠬ᠎ᠠ ᠤᠳᠠᠭ᠎ᠠ ᠳᠠᠯᠠᠢ ᠲᠠᠩᠭᠢᠰ᠎ᠤᠨ ᠪᠢᠴᠢᠯ ᠰᠦᠯᠢᠶᠣᠣ ᠵᠢ ᠬᠢᠨᠠᠨ ᠬᠡᠮᠵᠢᠬᠦ ᠬᠡᠪᠴᠢᠶ᠎ᠡ ᠵᠢ ᠳᠠᠯᠠᠢ ᠪᠠ ᠲᠤᠶ᠋ᠢᠯ᠎ᠤᠨ ᠣᠷᠣᠨ᠎ᠤ ᠬᠦᠷᠢᠶ᠎ᠡ ᠬᠡᠪᠴᠢᠶᠡᠨ᠎ᠳᠤ ᠬᠦᠷᠲᠡᠯ᠎ᠡ ᠥᠷᠭᠡᠳᠬᠡᠪᠡ᠃
      ᠠᠮᠢ ᠠᠬᠤᠶ ᠣᠷᠴᠢᠨ ᠲᠤᠭᠤᠷᠢᠨ᠎ᠤ ᠶᠠᠮᠤᠨ ᠲᠡᠯᠡᠶ ᠲᠠᠩᠭᠢᠰ᠎ᠤᠨ ᠬᠣᠭ ᠨᠣᠪᠰᠢ ᠪᠠ ᠪᠢᠴᠢᠯ ᠰᠦᠯᠢᠶᠣᠣ ᠵᠢᠨ ᠵᠠᠰᠠᠯᠲᠠ᠎ᠳᠤ ᠴᠢᠭᠯᠡᠭᠦᠯᠦᠨ᠂ ᠡᠬᠢ ᠡᠭᠦᠰᠦᠯ᠎ᠠᠴᠠ᠎ᠨᠢ ᠬᠡᠮᠵᠢᠶ᠎ᠡ ᠵᠢ᠎ᠨᠢ ᠪᠠᠭ᠋ᠠᠰᠬᠠᠬᠤ᠂ ᠣᠷᠣᠯᠠᠭᠤᠯᠤᠨ ᠬᠡᠷᠡᠭᠯᠡᠬᠦ᠂ ᠬᠣᠷᠢᠶᠠᠨ ᠠᠪᠬᠤ ᠵᠢ ᠴᠢᠩᠭ᠋ᠠᠳᠬᠠᠬᠤ᠂ ᠴᠡᠭᠴᠡᠯᠡᠨ ᠵᠠᠰᠠᠬᠤ ᠵᠡᠷᠭᠡ ᠠᠯᠢ ᠣᠯᠠᠨ ᠠᠵᠢᠯᠯᠠᠭ᠎ᠠ ᠵᠢ ᠥᠷᠨᠢᠭᠦᠯᠪᠡ᠃ ᠡᠨᠡ ᠵᠢᠯ᠎ᠠᠴᠠ ᠨᠠᠭ᠋ᠠᠰᠢ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠶ ᠵᠢᠨ ᠣᠷᠴᠢᠨ ᠲᠤᠭᠤᠷᠢᠨ᠎ᠤ ᠶᠠᠮᠤᠨ ᠵᠡᠷᠭᠡ ᠣᠯᠠᠨ ᠰᠠᠯᠠᠭ᠎ᠠ ᠮᠥᠴᠢᠷ ᠤᠷᠢᠳ ᠬᠣᠵᠢᠳ 《ᠰᠦᠯᠢᠶᠣᠣ ᠵᠢᠨ ᠪᠣᠬᠢᠷᠲᠤᠯ᠎ᠢ ᠵᠠᠰᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ》 《ᠰᠦᠯᠢᠶᠣᠣ ᠵᠢᠨ ᠪᠣᠬᠢᠷᠲᠤᠯ᠎ᠢ ᠵᠠᠰᠠᠬᠤ ᠠᠵᠢᠯ᠎ᠢ ᠯᠠᠪᠳᠠᠭᠤᠨ ᠵᠶ᠋ᠠᠷ ᠠᠬᠢᠭᠤᠯᠬᠤ ᠲᠤᠬᠠᠶ ᠮᠡᠳᠡᠭᠳᠡᠯ》 ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠰᠦᠯᠢᠶᠣᠣ ᠵᠢ ᠴᠠᠭ᠋ᠠᠵᠠᠯᠠᠵᠤ ᠰᠦᠯᠢᠶᠣᠣ ᠵᠢ ᠬᠢᠵᠠᠭ᠋ᠠᠷᠯᠠᠬᠤ ᠱᠠᠲᠤᠴᠢ ᠴᠢᠨᠠᠷᠲᠠᠶ ᠡᠭᠦᠷᠭᠡ᠎ᠳᠤ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃

      ᠰᠦᠯᠢᠶᠣᠣ ᠵᠢᠨ ᠬᠣᠭ ᠨᠣᠪᠰᠢ ᠵᠢ ᠪᠠᠭ᠋ᠠᠰᠬᠠᠵᠤ᠂ ᠪᠢᠴᠢᠯ ᠰᠦᠯᠢᠶᠣᠣ ᠵᠢᠨ ᠲᠠᠷᠬᠠᠯᠲᠠ ᠵᠢ ᠬᠣᠷᠢᠭᠯᠠᠬᠤ ᠪᠣᠯ ᠬᠥᠮᠦᠨ ᠲᠥᠷᠥᠯᠬᠢᠲᠡᠨ᠎ᠤ ᠵᠠᠶ᠋ᠢᠯᠠᠭᠤᠯᠵᠤ ᠪᠣᠯᠤᠰᠢ ᠦᠭᠡᠢ ᠬᠠᠮᠲᠤ ᠵᠢᠨ ᠬᠠᠷᠢᠭᠤᠴᠠᠯᠭ᠎ᠠ ᠮᠥᠨ᠃ 霍 ᠡᠾᠦᠸᠧ ᠴᠤᠸᠠᠨ ᠯᠢᠨ ᠢᠯᠡᠷᠬᠡᠶ᠋ᠢᠯᠡᠬᠦ᠎ᠳᠡᠭᠡᠨ᠂ ᠲᠡᠯᠡᠶ ᠲᠠᠩᠭᠢᠰ᠎ᠤᠨ ᠪᠢᠴᠢᠯ ᠰᠦᠯᠢᠶᠣᠣ ᠪᠣᠯᠤᠨ ᠲᠡᠯᠡᠶ ᠲᠠᠩᠭᠢᠰ᠎ᠤᠨ ᠬᠣᠭ ᠨᠣᠪᠰᠢ ᠵᠢ ᠬᠠᠮᠵᠢᠯᠴᠠᠨ ᠵᠠᠰᠠᠬᠤ᠎ᠪᠠᠷ ᠪᠠᠷᠠᠬᠤ ᠥᠬᠡᠶ ᠪᠠᠰᠠ ᠪᠥᠬᠥ ᠪᠥᠮᠪᠥᠷᠴᠡᠭ᠎ᠤᠨ ᠠᠰᠠᠭᠤᠳᠠᠯ ᠪᠣᠯᠭ᠋ᠠᠨ ᠬᠠᠮᠲᠤ᠎ᠳᠤᠨᠢ ᠰᠢᠢᠳᠪᠦᠷᠢᠯᠡᠬᠦ ᠬᠡᠷᠡᠭᠲᠡᠶ᠃ ᠳᠤᠮᠳᠠᠳᠤ ᠤᠯᠤᠰ ᠳᠡᠯᠡᠬᠡᠢ ᠵᠢᠨ ᠡᠯ᠎ᠡ ᠤᠯᠤᠰ᠎ᠲᠠᠢ ᠬᠠᠮᠲᠤᠪᠠᠷ ᠪᠦᠬᠦ ᠪᠥᠮᠪᠥᠷᠴᠡᠭ᠎ᠤᠨ ᠳᠠᠯᠠᠢ ᠲᠠᠩᠭᠢᠰ᠎ᠤᠨ ᠬᠣᠭ ᠨᠣᠪᠰᠢ ᠪᠣᠯᠤᠨ ᠪᠢᠴᠢᠯ ᠰᠦᠯᠢᠶᠣᠣ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠳᠤ ᠭᠦᠨᠵᠡᠭᠡᠢ ᠣᠷᠣᠯᠴᠠᠬᠤ ᠵᠢ ᠪᠠᠷᠢᠮᠲᠠᠯᠠᠭᠰᠠᠭ᠋ᠠᠷ ᠢᠷᠡᠵᠠᠢ᠃ ᠢᠷᠡᠭᠡᠳᠦᠢ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ᠎ᠲᠠᠢ ᠤᠶᠠᠯᠳᠤᠭᠤᠯᠵᠤ᠂ ᠲᠤᠰ ᠪᠡᠶ᠎ᠡ ᠵᠢᠨ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠳᠠᠯᠠᠢ ᠲᠠᠩᠭᠢᠰ᠎ᠤᠨ ᠰᠦᠯᠢᠶᠣᠣ ᠵᠢᠨ ᠬᠣᠭ ᠨᠣᠪᠰᠢ ᠪᠣᠯᠤᠨ ᠪᠢᠴᠢᠯ ᠰᠦᠯᠢᠶᠣᠣ ᠵᠢᠨ ᠪᠣᠬᠢᠷᠲᠤᠯ᠎ᠢ ᠵᠠᠰᠠᠬᠤ ᠵᠢ ᠬᠠᠮᠲᠤᠪᠠᠷ ᠠᠬᠢᠭᠤᠯᠵᠤ᠂ ᠴᠡᠩᠬᠡᠷ ᠳᠠᠯᠠᠢ ᠬᠦᠬᠡ ᠣᠭᠲᠠᠷᠭᠤᠢ ᠵᠢ ᠬᠠᠮᠲᠤᠪᠠᠷ ᠰᠠᠬᠢᠨ ᠬᠠᠮᠠᠭ᠋ᠠᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠤᠨ᠎ᠬᠢᠨ ᠬᠠᠮᠲᠤᠷᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ ᠥᠪᠥᠷ ᠮᠣᠩᠭᠣᠯ᠎ᠤᠨ ᠪᠠᠶ᠋ᠢᠳᠠᠯ᠎ᠢ ᠣᠢ᠌ᠯᠠᠭ᠋ᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠲᠥᠪ (ᠶᠠᠮᠤᠨ ᠲᠠᠰᠤᠭ)᠎ᠤᠨ ᠣᠨ᠎ᠤ ᠳᠤᠮᠳᠠ ᠵᠢᠨ ᠬᠢᠨᠠᠨ ᠰᠢᠯᠭ᠋ᠠᠯᠲᠠ ᠵᠢᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠤᠨ ᠪᠤᠢ ᠪᠣᠯᠤᠭᠰᠠᠨ ᠰᠢᠯᠲᠠᠭ᠋ᠠᠨ ᠬᠢᠭᠡᠳ ᠶᠡᠷᠦᠩᠬᠡᠢ᠌ᠯᠡᠨ ᠵᠠᠰᠠᠬᠤ ᠰᠤᠳᠤᠯᠭ᠋ᠠᠨ》 ᠭᠡᠬᠦ ᠰᠡᠳᠦᠪ᠎ᠤᠨ ᠠᠶᠠᠯᠠᠯ᠎ᠤᠨ ᠠᠶᠠᠯᠠᠯ᠎ᠤᠨ ᠬᠢᠨᠠᠨ ᠬᠡᠮᠵᠢᠬᠦ ᠠᠵᠢᠯ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠣᠶᠠᠳᠤᠭ᠋ᠠᠷ ᠨᠠᠮ᠎ᠤᠨ ᠡᠭᠦᠷ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠮᠡᠷᠭᠡᠵᠢᠯ᠎ᠤᠨ ᠦᠢ᠍ᠯᠡᠴᠢᠯᠡᠭᠡ ᠵᠢ ᠵᠢᠯᠤᠭᠣᠳᠬᠤ ᠠᠵᠢᠯ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠥᠪᠥᠷ ᠮᠣᠩᠭᠣᠯ᠎ᠤᠨ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ (2021 — 2035 ᠣᠨ) ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠦᠨᠡᠯᠡᠨ ᠵᠢᠱ᠌ᠢᠬᠦ ᠬᠤᠷᠠᠯ᠎ᠢ ᠡᠷᠭᠢᠯᠡᠨ ᠬᠤᠷᠠᠯᠳᠤᠭᠤᠯᠪᠠ
 
             蒙ICP备05000248号