ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠳᠠᠯ᠎ᠢ ᠭᠦᠨᠵᠡᠭᠡᠢ ᠣᠢ᠌ᠯᠠᠭ᠋ᠠᠬᠤ ᠵᠢᠨ ᠲᠥᠯᠥᠭᠡ᠂ 7 ᠰᠠᠷ᠎ᠠ ᠵᠢᠨ 7᠎ᠤ ᠦᠳᠡ ᠵᠢᠨ ᠬᠣᠢ᠌ᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠨᠢ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ ᠪᠣᠯᠣᠨ ᠡᠳ᠋᠎ᠤᠨ ᠶᠠᠪᠤᠳᠠᠯ᠎ᠤᠨ ᠭᠠᠵᠠᠷ ᠪᠣᠯᠣᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠ ᠭᠠᠳᠠᠭᠰᠢᠯᠠᠭᠤᠯᠬᠤ ᠵᠢ ᠬᠠᠮᠢᠶᠠᠷᠬᠤ ᠭᠠᠵᠠᠷ᠎ᠤᠨ ᠨᠠᠮ᠎ᠤᠨ ᠡᠭᠦᠷ ᠬᠠᠮᠲᠤ᠎ᠪᠠᠷ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠢ᠎ᠳᠤ ᠬᠦᠷᠴᠦ 《ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠶ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃ ᠪᠦᠬᠦ ᠨᠠᠮ᠎ᠤᠨ ᠭᠡᠰᠢᠭᠦᠨ ᠵᠢᠴᠢ ᠬᠡᠰᠡᠭ ᠨᠠᠮ᠎ᠤᠨ ᠭᠡᠰᠢᠭᠦᠨ ᠪᠤᠰᠤ ᠨᠥᠬᠥᠳ ᠣᠷᠣᠯᠴᠠᠵᠠᠢ᠃
ᠡᠨᠡ ᠤᠳᠠᠭ᠋ᠠᠨ᠎ᠤ ᠠᠵᠢᠯᠯᠠᠭ᠎ᠠ᠎ᠨᠢ ᠪᠦᠬᠦ ᠨᠠᠮ᠎ᠤᠨ ᠭᠡᠰᠢᠭᠦᠨ ᠺᠠᠳ᠋ᠷ ᠠᠵᠢᠯᠲᠠᠳ᠎ᠲᠤ ᠰᠦᠷᠯᠢᠭ ᠰᠠᠢ᠌ᠬᠠᠨ ᠥᠪᠥᠷ ᠮᠣᠩᠭᠣᠯ᠎ᠢ ᠤᠯᠠᠮ ᠨᠢᠭᠡ ᠠᠯᠬᠤᠮ ᠣᠢ᠌ᠯᠠᠭ᠋ᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ 《ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠴᠣᠭᠴᠠᠯᠠᠬᠤ》 ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠳᠠᠬᠢᠨᠲᠠ ᠭᠦᠨᠵᠡᠭᠡᠢ ᠣᠢ᠌ᠯᠠᠭ᠋ᠠᠪᠠ᠃
ᠲᠣᠰ ᠤᠳᠠᠭ᠋ᠠᠨ᠎ᠤ ᠠᠵᠢᠯᠯᠠᠭ᠎ᠠ᠎ᠨᠢ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠵᠤ ᠨᠤᠲᠤᠭ ᠤᠰᠤ᠎ᠪᠠᠨ ᠬᠠᠢ᠌ᠷᠠᠯᠠᠬᠤ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠨᠠᠩ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠠᠵᠢᠯ᠎ᠳᠠᠭᠠᠨ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭ᠋ᠠᠨ᠂ ᠡᠨᠡ ᠬᠦ᠌ ᠬᠥᠬᠡᠮᠳᠦᠭ ᠨᠣᠭᠣᠭ᠋ᠠᠨ᠂ ᠡᠨᠡ ᠬᠦ᠌ ᠠᠷᠢᠭᠤᠨ ᠴᠡᠪᠡᠷ᠎ᠢ ᠰᠠᠬᠢᠨ ᠬᠠᠮᠠᠭ᠋ᠠᠯᠠᠵᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢ᠌ᠬᠠᠨ ᠭᠡᠷ ᠣᠷᠣᠨ᠎ᠢ ᠴᠢᠷᠮᠠᠢ᠌ᠨ ᠪᠦᠲᠦᠭᠡᠨ ᠪᠠᠢ᠌ᠭᠤᠯᠬᠤ ᠵᠢ ᠵᠣᠷᠢᠭᠵᠢᠭᠤᠯᠵᠠᠢ᠃