ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠲᠥᠪ (ᠶᠠᠮᠤᠨ ᠲᠠᠰᠤᠭ)᠎ᠤᠨ ᠣᠨ᠎ᠤ ᠳᠤᠮᠳᠠ ᠵᠢᠨ ᠬᠢᠨᠠᠨ ᠰᠢᠯᠭ᠋ᠠᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-12-19

      ᠠᠵᠢᠯᠲᠠᠨ ᠠᠵᠢᠯᠴᠢᠨ᠎ᠤ ᠡᠩᠨᠡᠭᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠲᠥᠪ (ᠶᠠᠮᠤᠨ ᠲᠠᠰᠤᠭ)᠎ᠤᠨ ᠠᠵᠢᠯ᠎ᠤᠨ ᠪᠣᠳᠠᠲᠤ ᠠᠮᠵᠢᠯᠲᠠ ᠵᠢ ᠪᠤᠰᠤᠳᠴᠢ᠎ᠪᠠᠷ ᠦᠨᠡᠯᠡᠵᠦ᠂ ᠬᠢᠨᠠᠨ ᠰᠢᠯᠭ᠋ᠠᠬᠤ ᠲᠣᠭᠲᠠᠴᠠ ᠵᠢᠨ ᠤᠳᠤᠷᠢᠳᠤᠮᠵᠢ᠂ ᠬᠢᠨᠠᠯᠲᠠ ᠪᠠ ᠤᠷᠮᠠᠰᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠣᠨ᠎ᠤ ᠳᠤᠮᠳᠠᠬᠢ ᠬᠢᠨᠠᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠣᠷᠢᠶ᠎ᠠ 8 ᠰᠠᠷ᠎ᠠ ᠵᠢᠨ 8᠎ᠤ ᠡᠳᠦᠷ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠲᠥᠪ (ᠶᠠᠮᠤᠨ ᠲᠠᠰᠤᠭ)᠎ᠤᠨ ᠣᠨ᠎ᠤ ᠳᠤᠮᠳᠠᠬᠢ ᠬᠢᠨᠠᠨ ᠰᠢᠯᠭ᠋ᠠᠬᠤ ᠬᠤᠷᠠᠯ᠎ᠢ ᠬᠤᠷᠠᠯᠳᠤᠭᠤᠯᠵᠤ᠂ ᠪᠥᠬᠥ ᠺᠠᠳ᠋ᠷ ᠠᠵᠢᠯᠲᠠᠨ ᠠᠵᠢᠯᠴᠢᠨ ᠬᠠᠮᠲᠤ᠎ᠪᠠᠷ ᠬᠤᠷᠠᠯ᠎ᠳᠤ ᠣᠷᠣᠯᠴᠠᠪᠠ᠃

      ᠬᠤᠷᠠᠯ᠎ᠠᠴᠠ 11 ᠲᠥᠪ (ᠶᠠᠮᠤᠨ ᠲᠠᠰᠤᠭ)᠎ᠤᠨ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠢᠦᠢ ᠰᠢᠶᠣᠣ ᠳ᠋ᠦᠩ ᠱᠦᠵᠢ᠂ ᠾᠥᠸᠧ ᠰᠢᠶᠣᠣ ᠵᠢᠶᠦ᠋ᠨ ᠳᠡᠳ᠋ ᠬᠣᠷᠢᠶᠠᠨ ᠳᠠᠷᠤᠭ᠎ᠠ᠂ ᠬᠤ᠌ ᠱᠧᠩ ᠷᠥᠩ ᠳᠡᠳ᠋ ᠬᠣᠷᠢᠶᠠᠨ ᠳᠠᠷᠤᠭ᠎ᠠ ᠤᠷᠢᠳ ᠬᠣᠵᠢᠳ ᠬᠠᠷᠢᠭᠤ ᠮᠡᠳᠡᠭᠦᠯᠦᠯᠲᠡ ᠵᠢᠨ ᠠᠭᠤᠯᠭ᠎ᠠ᠎ᠳᠤ ᠪᠣᠳᠠᠲᠠᠢ ᠦᠨᠡᠯᠡᠯᠲᠡ ᠬᠢᠵᠡᠢ᠃ ᠲᠤᠰ ᠬᠣᠷᠢᠶᠠᠨ᠎ᠤ ᠪᠦᠬᠦ ᠺᠠᠳ᠋ᠷ ᠠᠵᠢᠯᠲᠠᠨ ᠠᠵᠢᠯᠴᠢᠨ ᠬᠠᠷᠢᠭᠤ ᠮᠡᠳᠡᠭᠦᠯᠦᠯᠲᠡ ᠳᠠᠭᠤᠰᠤᠭᠰᠠᠨ᠎ᠤ ᠳᠠᠷᠠᠭ᠎ᠠ᠂ ᠡᠯ᠎ᠡ ᠰᠠᠯᠠᠭ᠎ᠠ ᠮᠥᠴᠢᠷ᠎ᠤᠨ ᠤᠯᠤᠰ ᠲᠥᠷᠥ ᠦᠵᠡᠯ ᠰᠠᠨᠠᠭ᠋ᠠᠨ᠎ᠤ ᠪᠠᠢ᠌ᠭᠤᠯᠤᠯᠲᠠ᠂ ᠲᠤᠰᠬᠠᠢ ᠮᠡᠷᠭᠡᠵᠢᠯ᠎ᠤᠨ ᠬᠢᠷᠢ ᠬᠡᠮᠵᠢᠶ᠎ᠡ᠂ ᠠᠵᠢᠯ᠎ᠤᠨ ᠪᠣᠳᠠᠲᠤ ᠪᠦᠲᠦᠮᠵᠢ᠂ ᠠᠵᠢᠯ᠎ᠤᠨ ᠰᠤᠷᠲᠠᠯ ᠬᠢᠭᠡᠳ ᠪᠦᠯᠬᠦᠮᠳᠡᠨ ᠬᠠᠮᠵᠢᠯᠴᠠᠬᠤ ᠪᠠ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠵᠡᠷᠭᠡ ᠲᠠᠪᠤᠨ ᠲᠠᠯ᠎ᠠ ᠵᠢᠨ ᠪᠣᠳᠠᠲᠠᠢ ᠠᠵᠢᠯ᠎ᠤᠨ ᠢᠯᠡᠷᠡᠯ᠎ᠢ ᠦᠨᠳᠦᠰᠦᠯᠡᠨ ᠰᠢᠯᠭ᠋ᠠᠨ ᠦᠨᠡᠯᠡᠵᠦ ᠬᠤᠪᠢ ᠣᠯᠭᠣᠨ᠎ᠠ᠃

      ᠲᠣᠰ ᠤᠳᠠᠭ᠋ᠠᠨ᠎ᠤ ᠬᠢᠨᠠᠨ ᠰᠢᠯᠭ᠋ᠠᠬᠤ ᠬᠤᠷᠠᠯ᠎ᠢ ᠡᠷᠭᠢᠯᠡᠭᠰᠡᠨ᠎ᠨᠢ ᠡᠯ᠎ᠡ ᠰᠠᠯᠠᠭ᠎ᠠ ᠮᠥᠴᠢᠷ᠎ᠤᠨ ᠲᠦᠷᠦᠭᠦᠸ᠋ ᠬᠠᠭ᠋ᠠᠰ ᠵᠢᠯ᠎ᠤᠨ ᠠᠵᠢᠯ᠎ᠤᠨ ᠠᠮᠵᠢᠯᠲᠠ ᠪᠦᠲᠦᠮᠵᠢ ᠵᠢ ᠬᠠᠷᠠᠭᠤᠯᠤᠭᠰᠠᠨ ᠵᠶ᠋ᠠᠷ ᠪᠠᠷᠠᠬᠤ ᠦᠭᠡᠢ᠂ ᠪᠠᠰᠠ ᠡᠯ᠎ᠡ ᠲᠥᠪ (ᠶᠠᠮᠤᠨ ᠲᠠᠰᠤᠭ)᠎ᠤᠨ ᠬᠣᠭᠤᠷᠤᠨᠳᠤᠬᠢ ᠣᠢ᠌ᠯᠠᠭ᠋ᠠᠯᠴᠠᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ᠎ᠤ ᠬᠠᠮᠲᠤ ᠮᠠᠨ᠎ᠤ ᠬᠣᠷᠢᠶᠠᠨ᠎ᠤ ᠳᠣᠣᠷ᠎ᠠ ᠬᠠᠭ᠋ᠠᠰ ᠵᠢᠯ᠎ᠤᠨ ᠠᠵᠢᠯ ᠵᠶ᠋ᠠᠨ ᠨᠠᠩ ᠰᠠᠶ᠋ᠢᠨ ᠥᠷᠨᠢᠭᠦᠯᠬᠦ᠎ᠳᠤ ᠰᠠᠶ᠋ᠢᠨ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠤᠨ ᠪᠤᠢ ᠪᠣᠯᠤᠭᠰᠠᠨ ᠰᠢᠯᠲᠠᠭ᠋ᠠᠨ ᠬᠢᠭᠡᠳ ᠶᠡᠷᠦᠩᠬᠡᠢ᠌ᠯᠡᠨ ᠵᠠᠰᠠᠬᠤ ᠰᠤᠳᠤᠯᠭ᠋ᠠᠨ》 ᠭᠡᠬᠦ ᠰᠡᠳᠦᠪ᠎ᠤᠨ ᠠᠶᠠᠯᠠᠯ᠎ᠤᠨ ᠠᠶᠠᠯᠠᠯ᠎ᠤᠨ ᠬᠢᠨᠠᠨ ᠬᠡᠮᠵᠢᠬᠦ ᠠᠵᠢᠯ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠣᠶᠠᠳᠤᠭ᠋ᠠᠷ ᠨᠠᠮ᠎ᠤᠨ ᠡᠭᠦᠷ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠮᠡᠷᠭᠡᠵᠢᠯ᠎ᠤᠨ ᠦᠢ᠍ᠯᠡᠴᠢᠯᠡᠭᠡ ᠵᠢ ᠵᠢᠯᠤᠭᠣᠳᠬᠤ ᠠᠵᠢᠯ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠥᠪᠥᠷ ᠮᠣᠩᠭᠣᠯ᠎ᠤᠨ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ (2021 — 2035 ᠣᠨ) ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠦᠨᠡᠯᠡᠨ ᠵᠢᠱ᠌ᠢᠬᠦ ᠬᠤᠷᠠᠯ᠎ᠢ ᠡᠷᠭᠢᠯᠡᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠡᠰᠡᠭ ᠪᠠᠢ᠌ᠭᠤᠯᠭ᠎ᠠ ᠭᠠᠵᠠᠷ ᠲᠠᠰᠤᠭ᠎ᠤᠨ ᠨᠠᠮ᠎ᠤᠨ ᠡᠭᠦᠷ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠠᠢ᠌ᠬᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠨᠠᠮ᠎ᠤᠨ ᠡᠭᠦᠷ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ 〈ᠶᠡᠬᠡ ᠠᠮᠢ ᠠᠬᠤᠢ〉 ᠵᠢᠨ ᠬᠡᠯᠪᠡᠷᠢ ᠵᠢ ᠬᠤᠪᠢᠷᠠᠭᠤᠯᠬᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 6.5᠎ᠤ ᠣᠷᠴᠢᠨ ᠲᠣᠭᠣᠷᠢᠨ᠎ᠤ ᠡᠳᠦᠷ᠎ᠤᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ》 — ᠪᠣᠬᠢᠷᠲᠤᠯ ᠦᠭᠡᠢ ᠠᠮᠢᠳᠤᠷᠠᠯ᠎ᠢ ᠦᠢ᠍ᠯᠡᠳᠦᠯᠭᠡᠵᠢᠭᠦᠯᠬᠦ᠂ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ᠂ ᠠᠭᠤᠷ ᠠᠮᠢᠰᠬᠤᠯ᠎ᠢ ᠠᠬᠢᠭᠤᠯᠬᠤ ᠠᠵᠢᠯᠯᠠᠭ᠎ᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠠᠬᠢᠭᠤᠯᠪᠠ᠃
 
             蒙ICP备05000248号