ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ ᠵᠢᠯᠤᠭᠣᠳᠴᠤ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠥᠬᠥ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠦᠷᠭᠦᠯᠵᠢᠯᠡᠨ ᠳᠡᠬᠡᠭᠰᠢᠯᠡᠬᠦᠯᠬᠦ ᠵᠢᠨ ᠲᠥᠯᠥᠭᠡ᠂ ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠳᠠᠭ᠋ᠠᠭ᠋ᠠᠨ ᠡᠷᠭᠢᠯᠡᠵᠦ᠂ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠬᠠᠮᠵᠢᠯᠴᠠᠨ ᠡᠷᠭᠢᠯᠡᠭᠰᠡᠨ ᠪᠥᠬᠥ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ ᠤᠯᠠᠭ᠋ᠠᠨᠬᠠᠳᠠ ᠬᠣᠲᠠ᠎ᠳᠤ ᠤᠷᠤᠭᠰᠢᠲᠠᠢ ᠶᠠᠪᠤᠭᠳᠠᠪᠠ᠃
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠵᠢᠯ ᠳᠦᠷᠦᠯ᠎ᠤᠨ ᠲᠤᠰᠬᠠᠢ ᠮᠡᠷᠭᠡᠵᠢᠯᠲᠡᠨ᠎ᠢ ᠲᠤᠰᠬᠠᠢ᠌ᠯᠠᠨ ᠤᠷᠢᠵᠤ ᠲᠤᠰᠬᠠᠢ ᠰᠡᠳᠦᠪ ᠵᠶ᠋ᠡᠷ ᠬᠢᠴᠢᠶᠡᠯᠯᠡᠵᠦ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠶ᠋ᠢᠮᠠᠭ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠴᠢ ᠬᠣᠰᠢᠭᠤ ᠰᠢᠶᠠᠨ᠎ᠤ ᠬᠤᠪᠢᠶᠠᠷᠢ ᠲᠣᠪᠴᠢᠶ᠎ᠠ ᠵᠢᠨ ᠣᠷᠴᠢᠨ ᠲᠣᠭᠣᠷᠢᠨ᠎ᠤ ᠨᠥᠯᠥᠭᠡ ᠵᠢ ᠦᠨᠡᠯᠡᠬᠦ ᠵᠠᠭᠤ ᠭᠠᠷᠤᠢ ᠬᠥᠮᠥᠨ ᠲᠤᠰ ᠤᠳᠠᠭ᠎ᠠ ᠵᠢᠨ ᠪᠣᠯᠪᠠᠰᠤᠷᠠᠯ᠎ᠳᠤ ᠣᠷᠣᠯᠴᠠᠪᠠ᠃ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠤᠨ ᠮᠡᠷᠭᠡᠵᠢᠯ᠎ᠤᠨ ᠳᠠᠬᠢᠨ ᠬᠢᠨᠠᠯᠲᠠ ᠵᠢᠨ ᠭᠣᠣᠯᠳᠠᠯᠭ᠎ᠠ ᠵᠢᠨ ᠵᠠᠳᠠᠯᠤᠯᠲᠠ᠂ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠴᠢ ᠬᠡᠷᠡᠭᠯᠡᠭᠡᠨ᠎ᠤ ᠬᠡᠷᠡᠭ᠎ᠤᠨ ᠵᠢᠱ᠌ᠢᠶ᠎ᠡ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠲᠤᠰᠬᠠᠢ ᠰᠡᠳᠦᠪᠲᠦ ᠲᠠᠢ᠌ᠯᠤᠮᠵᠢ ᠬᠢᠵᠦ᠂ ᠪᠣᠯᠪᠠᠰᠤᠷᠠᠯ᠎ᠤᠨ ᠬᠢᠴᠢᠶᠡᠯ᠎ᠢ ᠶᠡᠬᠡ ᠬᠡᠮᠵᠢᠶᠡᠨ᠎ᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ ᠭᠣᠣᠯᠳᠠᠯᠭ᠎ᠠ᠎ᠲᠠᠢ ᠠᠰᠠᠭᠤᠳᠠᠯ᠎ᠳᠤ ᠭᠦᠨᠵᠡᠭᠡᠢ ᠪᠥᠭᠡᠳ ᠣᠢ᠌ᠯᠠᠭ᠋ᠠᠮᠵᠢᠲᠠᠢ ᠵᠠᠳᠠᠯᠤᠯᠲᠠ ᠲᠠᠢ᠌ᠯᠤᠮᠵᠢ ᠬᠢᠪᠡ᠃
ᠲᠣᠰ ᠤᠳᠠᠭ᠋ᠠᠨ᠎ᠤ ᠪᠣᠯᠪᠠᠰᠤᠷᠠᠯ᠎ᠳᠤ ᠪᠥᠬᠥ ᠣᠷᠣᠨ᠎ᠤ ᠣᠷᠴᠢᠨ ᠲᠣᠭᠣᠷᠢᠨ᠎ᠳᠤ ᠨᠥᠯᠥᠭᠡ ᠦᠵᠡᠭᠦᠯᠬᠦ ᠵᠢ ᠦᠨᠡᠯᠡᠬᠦ ᠬᠠᠮᠢᠶᠠᠷᠤᠯᠲᠠ ᠵᠢᠨ ᠠᠵᠢᠯᠲᠠᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠤᠨ ᠮᠡᠷᠭᠡᠵᠢᠯ᠎ᠤᠨ ᠦᠨᠡᠯᠡᠨ ᠵᠢᠱ᠌ᠢᠯᠲᠡ᠂ ᠮᠡᠷᠭᠡᠵᠢᠯ᠎ᠤᠨ ᠳᠠᠬᠢᠨ ᠬᠢᠨᠠᠯᠲᠠ ᠵᠡᠷᠭᠡ ᠲᠠᠯ᠎ᠠ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 《ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ᠂ ᠴᠢᠩᠭ᠎ᠠ ᠨᠢᠮᠪᠠᠢ ᠪᠥᠭᠡᠳ ᠥᠨᠳᠥᠷ ᠪᠦᠲᠦᠮᠵᠢᠲᠡᠢ᠎ᠪᠠᠷ ᠦᠨᠡᠯᠡᠨ ᠵᠢᠱ᠌ᠢᠬᠦ》 ᠠᠵᠢᠯ᠎ᠤᠨ ᠣᠢ᠌ᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠪᠥᠬᠥ ᠣᠷᠣᠨ᠎ᠤ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠬᠠᠮᠢᠶᠠᠷᠤᠯᠲᠠ ᠪᠠ ᠲᠤᠬᠠᠢ᠌ᠯᠠᠭᠰᠠᠨ ᠠᠵᠢᠯ᠎ᠢ ᠠᠬᠢᠭᠤᠯᠬᠤ᠎ᠳᠤ ᠤᠨᠤᠯ᠎ᠤᠨ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃