ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠬᠠᠮᠲᠤᠷᠠᠨ ᠰᠤᠳᠤᠯᠬᠤ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠮᠤᠵᠢ ᠵᠢᠨ ᠱᠠᠲᠤᠨ᠎ᠤ ᠠᠵᠢᠯ᠎ᠤᠨ ᠳᠤᠭᠤᠢ᠌ᠯᠠᠩ ᠴᠡᠭ᠎ᠲᠤ ᠰᠠᠭᠤᠭ᠎ᠠ ᠲᠠᠪᠤᠨ ᠬᠣᠲᠠ᠎ᠳᠤ ᠬᠦᠷᠴᠦ ᠲᠤᠬᠠᠢ ᠵᠢᠨ ᠲᠠᠯᠠᠪᠤᠷ᠎ᠲᠤ ᠵᠢᠭ᠋ᠠᠨ ᠵᠢᠯᠤᠭᠣᠳᠴᠤ ᠬᠠᠪᠰᠤᠷᠤᠨ ᠲᠡᠳᠬᠦᠬᠦ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2024-11-08

      ᠶᠡᠷᠦᠩᠬᠡᠢ ᠱᠦᠵᠢ ᠰᠢ ᠵᠢᠨ ᠫᠢᠩ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠴᠢᠬᠤᠯᠠ ᠶᠠᠷᠢᠶ᠎ᠠ ᠪᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠬᠠᠲᠤᠨ ᠭᠣᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠶ᠋ᠢᠲᠤᠷ ᠬᠢᠵᠦ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠨᠠᠷᠢᠯᠢᠭ ᠣᠨᠣᠴᠠᠲᠠᠢ᠎ᠪᠠᠷ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠳᠤᠮᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠪᠠ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ 9 ᠰᠠᠷ᠎ᠠ ᠵᠢᠨ ᠰᠡᠭᠦᠯᠴᠢ᠎ᠠᠴᠠ 10 ᠰᠠᠷ᠎ᠠ ᠵᠢᠨ ᠳᠤᠮᠳᠠᠴᠢ ᠪᠣᠯᠲᠠᠯ᠎ᠠ ᠲᠣᠰ ᠲᠣᠰ ᠪᠤᠭᠤᠲᠤ ᠬᠣᠲᠠ᠂ ᠪᠠᠶᠠᠨᠨᠠᠭᠤᠷ ᠬᠣᠲᠠ᠂ ᠦᠬᠠᠢ ᠬᠣᠲᠠ᠂ ᠣᠷᠳᠣᠰ ᠬᠣᠲᠠ᠂ ᠬᠥᠬᠡᠬᠣᠲᠠ ᠵᠡᠷᠭᠡ ᠴᠡᠭ᠎ᠲᠤ ᠰᠠᠭᠤᠭ᠎ᠠ ᠲᠠᠪᠤᠨ ᠬᠣᠲᠠ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠬᠠᠪᠰᠤᠷᠤᠨ ᠲᠡᠳᠬᠦᠬᠦ ᠠᠵᠢᠯ ᠥᠷᠨᠢᠭᠦᠯᠪᠡ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠡᠯ᠎ᠡ ᠴᠡᠭ᠎ᠲᠤ ᠰᠠᠭᠤᠭ᠎ᠠ ᠬᠤᠳᠠ᠎ᠯᠤᠭ᠎ᠠ 《ᠨᠢᠭᠡ ᠬᠤᠳᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠭᠣᠣᠯ ᠠᠵᠢᠯ᠎ᠤᠨ ᠠᠬᠢᠴᠠ᠂ ᠲᠣᠪᠣᠢ᠌ᠮ᠎ᠠ ᠠᠵᠢᠯ᠎ᠤᠨ ᠬᠢᠯᠠᠰ ᠴᠡᠭ ᠪᠣᠯᠣᠨ ᠦᠷ᠎ᠡ ᠪᠦᠲᠦᠮᠵᠢ᠂ ᠣᠷᠣᠰᠢᠵᠤ ᠪᠠᠢ᠌ᠭ᠎ᠠ ᠠᠰᠠᠭᠤᠳᠠᠯ ᠵᠡᠷᠭᠡ ᠨᠡᠢ᠌ᠲᠡᠴᠢ ᠴᠢᠨᠠᠷᠲᠠᠢ ᠠᠰᠠᠭᠤᠳᠠᠯ᠎ᠤᠨ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠭᠣᠣᠯᠳᠠᠭᠤ ᠪᠤᠭᠤᠲᠤ ᠬᠤᠳᠠ ᠵᠢᠨ ᠤᠰᠤᠨ᠎ᠤ ᠣᠷᠴᠢᠨ ᠲᠣᠭᠣᠷᠢᠨ᠎ᠤ ᠠᠰᠠᠭᠤᠳᠠᠯ᠎ᠤᠨ ᠵᠠᠳᠠᠯᠤᠯᠲᠠ ᠵᠢᠴᠢ ᠭᠣᠣᠯᠳᠠᠯᠭ᠎ᠠ᠎ᠲᠠᠢ ᠰᠠᠯᠪᠤᠷᠢ ᠤᠷᠤᠰᠬᠠᠯ᠎ᠤᠨ ᠤᠰᠤᠨ᠎ᠤ ᠴᠢᠨᠠᠷ ᠮᠠᠭᠤᠳᠠᠭᠰᠠᠨ ᠪᠠ ᠶᠡᠷᠦᠩᠬᠡᠢ᠌ᠯᠡᠨ ᠵᠠᠰᠠᠬᠤ ᠠᠵᠢᠯ᠎ᠤᠨ ᠪᠠᠶ᠋ᠢᠳᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠭᠣᠣᠯᠳᠠᠯᠭ᠎ᠠ᠎ᠲᠠᠢ ᠠᠶᠤᠯ ᠲᠦᠭᠰᠢᠭᠦᠷᠢ ᠵᠢᠨ ᠡᠬᠢ ᠰᠤᠷᠪᠤᠯᠵᠢ ᠵᠢ ᠶᠡᠷᠦᠩᠬᠡᠢ᠌ᠯᠡᠨ ᠬᠠᠮᠢᠶᠠᠷᠤᠨ ᠡᠵᠡᠮᠳᠡᠭᠰᠡᠨ ᠪᠠᠢ᠌ᠳᠠᠯ; ᠬᠥᠬᠡᠬᠣᠲᠠ ᠵᠢᠨ ᠨᠤᠨᠳᠠᠭ ᠨᠡᠭᠦᠷᠡᠰᠦᠨ᠎ᠤ ᠦᠨᠡᠰᠦ ᠵᠢ ᠵᠠᠰᠠᠬᠤ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠭᠣᠣᠯᠳᠠᠯᠭ᠎ᠠ᠎ᠲᠠᠢ ᠲᠦᠭᠰᠢᠭᠦᠷᠢ ᠵᠢᠨ ᠡᠬᠢ ᠰᠤᠷᠪᠤᠯᠵᠢ ᠵᠢ ᠶᠡᠷᠦᠩᠬᠡᠢ᠌ᠯᠡᠨ ᠬᠠᠮᠢᠶᠠᠷᠤᠨ ᠡᠵᠡᠮᠳᠡᠬᠦ ᠪᠠ ᠶᠡᠬᠡ ᠲᠦᠷᠭᠡᠨ ᠭᠣᠣᠯ᠎ᠤᠨ ᠤᠰᠤᠨ᠎ᠤ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠭᠰᠠᠨ ᠪᠠᠢ᠌ᠳᠠᠯ; ᠣᠷᠳᠣᠰ ᠬᠣᠲᠠ ᠵᠢᠨ ᠨᠡᠭᠦᠷᠡᠰᠦᠨ ᠴᠢᠯᠠᠭᠤ ᠵᠢ ᠶᠡᠷᠦᠩᠬᠡᠢ᠌ᠯᠡᠨ ᠠᠰᠢᠭᠯᠠᠬᠤ ᠪᠠ ᠠᠭᠤᠷᠬᠠᠢ ᠵᠢᠨ ᠬᠤᠳᠳᠤᠭ᠎ᠤᠨ ᠤᠰᠤ ᠵᠢ ᠵᠠᠰᠠᠵᠤ ᠠᠰᠢᠭᠯᠠᠬᠤ ᠪᠠ ᠬᠠᠮᠢᠶᠠᠷᠤᠨ ᠡᠵᠡᠮᠳᠡᠭᠰᠡᠨ ᠪᠠᠢ᠌ᠳᠠᠯ; ᠪᠠᠶᠠᠨᠨᠠᠭᠤᠷ ᠬᠣᠲᠠ ᠵᠢᠨ ᠤᠯᠠᠭ᠋ᠠᠨᠰᠤᠬᠠᠢ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢ ᠰᠡᠷᠭᠡᠢ᠌ᠯᠡᠨ ᠵᠠᠰᠠᠭᠰᠠᠨ ᠪᠠᠢ᠌ᠳᠠᠯ; ᠦᠬᠠᠢ ᠬᠤᠳᠠ ᠵᠢᠨ ᠴᠥᠭᠥᠷᠥᠮ᠎ᠤᠨ ᠲᠣᠭᠣᠷᠢᠭ᠎ᠤᠨ ᠡᠯᠡᠰᠦ ᠰᠢᠪᠠᠷ᠎ᠢ ᠡᠬᠢ ᠪᠠᠶᠠᠯᠢᠭᠵᠢᠭᠤᠯᠤᠨ ᠠᠰᠢᠭᠯᠠᠬᠤ ᠵᠢᠴᠢ ᠠᠭᠤᠷᠬᠠᠢ ᠵᠢᠨ ᠣᠷᠣᠨ᠎ᠤ ᠠᠮᠢ ᠠᠬᠤᠢ ᠵᠢᠨ ᠰᠡᠷᠭᠦᠭᠡᠯᠲᠡ ᠵᠢ ᠨᠢᠭᠡ ᠴᠣᠭᠴᠠᠵᠢᠭᠤᠯᠤᠨ ᠵᠠᠰᠠᠭᠰᠠᠨ ᠪᠠᠢ᠌ᠳᠠᠯ ᠵᠡᠷᠭᠡ ᠮᠡᠳᠡᠭᠦᠯᠦᠯᠲᠡ ᠵᠢ ᠰᠣᠨᠣᠰᠴᠠᠢ᠃ ᠡᠭᠦᠨ᠎ᠤ ᠳᠠᠭ᠋ᠠᠤ ᠬᠤᠳᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠴᠢ ᠴᠡᠭ᠎ᠲᠤ ᠰᠠᠭᠤᠭ᠎ᠠ ᠠᠵᠢᠯᠯᠠᠬᠤ ᠳᠤᠭᠤᠢ᠌ᠯᠠᠩ᠎ᠲᠠᠢ ᠰᠠᠨᠠᠯ ᠵᠶ᠋ᠠᠨ ᠰᠣᠯᠢᠯᠴᠠᠵᠤ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠵᠢᠨ ᠬᠠᠮᠲᠤ ᠭᠣᠣᠯᠳᠠᠯᠭ᠎ᠠ᠎ᠲᠠᠢ ᠠᠰᠠᠭᠤᠳᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠤᠬᠠᠢ ᠰᠠᠨᠠᠭᠤᠯᠭ᠎ᠠ ᠭᠠᠷᠭ᠋ᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠪᠠᠰᠠ ᠬᠣᠯᠪᠣᠭᠳᠠᠯ ᠪᠦᠬᠦᠢ ᠠᠵᠤ ᠠᠬᠤᠢ᠌ᠯᠠᠯ᠎ᠳᠤ ᠬᠦᠷᠴᠦ ᠲᠤᠬᠠᠢ ᠵᠢᠨ ᠲᠠᠯᠠᠪᠠᠢ ᠵᠢᠨ ᠪᠠᠢ᠌ᠴᠠᠭ᠋ᠠᠨ ᠰᠤᠳᠤᠯᠤᠯᠲᠠ ᠬᠢᠵᠦ᠂ ᠠᠵᠤ ᠠᠬᠤᠢ᠌ᠯᠠᠯ᠎ᠤᠨ ᠲᠤᠬᠠᠢ ᠵᠢᠨ ᠲᠠᠯᠠᠪᠠᠢ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠵᠦ᠂ ᠠᠵᠤ ᠠᠬᠤᠢ᠌ᠯᠠᠯ᠎ᠤᠨ ᠬᠡᠷᠡᠭᠴᠡᠭᠡ ᠵᠢ ᠣᠢ᠌ᠯᠠᠭ᠋ᠠᠬᠤ ᠵᠢᠨ ᠬᠠᠮᠲᠤ ᠬᠠᠪᠰᠤᠷᠤᠨ ᠲᠡᠳᠬᠦᠵᠦ ᠵᠢᠭ᠋ᠠᠨ ᠵᠢᠯᠣᠭᠣᠳᠪᠠ᠃ ᠳᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠮᠤᠵᠢ ᠵᠢᠨ ᠳᠡᠰ᠎ᠤᠨ ᠠᠵᠢᠯᠯᠠᠬᠤ ᠳᠤᠭᠤᠢ᠌ᠯᠠᠩ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠴᠡᠭ᠎ᠲᠤ ᠰᠠᠭᠤᠬᠤ ᠠᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠲᠣᠰ ᠪᠡᠶ᠎ᠡ ᠵᠢᠨ ᠮᠡᠷᠭᠡᠵᠢᠯ᠎ᠤᠨ ᠴᠢᠳᠠᠪᠤᠷᠢᠲᠠᠨ᠎ᠤ ᠳᠠᠪᠠᠭᠤᠯᠢᠭ᠎ᠲᠠᠭᠠᠨ ᠲᠦᠰᠢᠭᠯᠡᠨ᠂ ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠢ ᠥᠷᠨᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠂ ᠬᠠᠲᠤᠨ ᠭᠣᠣᠯ᠎ᠤᠨ ᠠᠮᠢ ᠠᠬᠤᠢ ᠵᠢᠨ ᠬᠠᠯᠬᠠᠪᠴᠢ ᠵᠢ ᠯᠠᠪᠳᠠᠭᠤᠨ ᠪᠠᠲᠤᠲᠠᠢ᠎ᠪᠠᠷ ᠪᠡᠬᠢᠵᠢᠭᠦᠯᠵᠦ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠰᠢᠨᠵᠢᠯᠡᠬᠦ ᠤᠬᠠᠭᠠ ᠲᠧᠭᠨᠢᠭ ᠮᠡᠷᠭᠡᠵᠢᠯ᠎ᠤᠨ ᠬᠦᠴᠦᠨ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠥᠬᠡ ᠤᠳᠤᠨ ᠪᠥᠮᠪᠥᠷᠴᠡᠭ᠎ᠢ ᠰᠠᠬᠢᠨ ᠬᠠᠮᠠᠭ᠋ᠠᠯᠠᠵᠤ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠡᠷ᠎ᠡ᠎ᠪᠠᠨ ᠬᠠᠮᠲᠤ᠎ᠪᠠᠷ ᠭᠦᠢ᠍ᠴᠡᠳᠬᠡᠶ᠎ᠡ —— ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠡᠭᠦᠷ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠪᠠᠢ᠌ᠴᠠᠭ᠋ᠠᠨ ᠵᠠᠳᠠᠯᠤᠯᠲᠠ ᠵᠢᠨ ᠳᠦᠷᠦᠯ ᠵᠦᠢ᠍ᠯ ᠬᠢᠨᠠᠨ ᠦᠨᠡᠯᠡᠯᠲᠡ ᠵᠢ ᠤᠷᠤᠭᠰᠢᠲᠠᠢ ᠥᠩᠭᠡᠷᠡᠪᠡ
2024 ᠣᠨ᠎ᠤ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠠᠰᠠᠭ᠎ᠤᠨ ᠶᠠᠪᠤᠳᠠᠯ᠎ᠤᠨ ᠡᠳ᠋᠎ᠤᠨ ᠶᠠᠪᠤᠳᠠᠯ᠎ᠤᠨ ᠪᠤᠯᠪᠠᠰᠤᠷᠠᠯ᠎ᠤᠨ ᠠᠩᠭᠢ ᠡᠷᠬᠢᠯᠡᠵᠦ ᠡᠩᠨᠡᠭᠡ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠲᠡᠭᠡᠭᠰᠢᠯᠡᠬᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ᠎ᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠡᠢ
 
             蒙ICP备05000248号