ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠠᠵᠢᠯ ᠤᠯᠤᠰ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠤᠷᠤᠭᠰᠢᠲᠠᠢ ᠥᠩᠭᠡᠷᠡᠭᠦᠯᠪᠡ
ᠨᠡᠶ᠋ᠢᠲᠡᠯᠡᠭᠰᠡᠨ ᠴᠠᠭ᠄ 2024-11-07

      ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠬᠠᠮᠲᠤᠷᠠᠭᠰᠠᠨ ᠰᠤᠳᠤᠯᠭ᠋ᠠᠨ (ᠨᠢᠭᠡᠳᠦᠭᠡᠷ ᠬᠤᠭᠤᠴᠠᠭ᠎ᠠ)᠎ᠤ ᠤᠷᠤᠭᠰᠢᠲᠠᠢ ᠶᠠᠪᠤᠭᠳᠠᠬᠤ ᠵᠢ ᠠᠬᠢᠭᠤᠯᠬᠤ ᠵᠢᠨ ᠲᠥᠯᠥᠭᠡ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠬᠠᠮᠲᠤᠷᠠᠭᠰᠠᠨ ᠰᠤᠳᠤᠯᠭ᠋ᠠᠨ᠎ᠤ ᠲᠥᠪ 10 ᠰᠠᠷ᠎ᠠ ᠵᠢᠨ 18᠎ᠤ ᠡᠳᠦᠷ ᠪᠡᠭᠡᠵᠢᠩ ᠬᠣᠲᠠ᠎ᠳᠤ ᠮᠤᠵᠢ ᠵᠢᠨ ᠱᠠᠲᠤᠨ᠎ᠤ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠠᠪᠰᠤᠷᠤᠨ ᠲᠡᠳᠬᠦᠬᠦ ᠳᠦᠷᠦᠯ ᠵᠦᠢ᠍ᠯ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠴᠡᠭ᠎ᠲᠤ ᠰᠠᠭᠤᠭ᠎ᠠ 5 ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠴᠢ ᠬᠣᠲᠠ ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠠᠪᠰᠤᠷᠤᠨ ᠲᠡᠳᠬᠦᠬᠦ ᠠᠵᠢᠯ᠎ᠤᠨ ᠳᠤᠭᠤᠢ᠌ᠯᠠᠩ᠎ᠤᠨ ᠬᠠᠮᠢᠶ᠎ᠠ ᠪᠦᠬᠦᠢ ᠬᠥᠮᠥᠰ ᠬᠤᠷᠠᠯ᠎ᠳᠤ ᠣᠷᠣᠯᠴᠠᠵᠠᠢ᠃
      ᠬᠤᠷᠠᠯ ᠳᠡᠭᠡᠷ᠎ᠡ᠂ ᠮᠠᠨ᠎ᠤ ᠬᠦᠷᠢᠶᠡᠯᠡᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠵᠢᠯᠯᠠᠬᠤ ᠳᠤᠭᠤᠢ᠌ᠯᠠᠩ᠎ᠢ ᠲᠥᠯᠥᠭᠡᠯᠡᠨ᠂ ᠳᠤᠮᠳᠠ ᠬᠤᠭᠤᠴᠠᠭ᠋ᠠᠨ᠎ᠤ ᠰᠤᠳᠤᠯᠭ᠋ᠠᠨ᠎ᠤ ᠠᠬᠢᠴᠠ᠂ ᠣᠯᠣᠭᠰᠠᠨ ᠭᠣᠣᠯ ᠦᠷ᠎ᠡ ᠪᠦᠲᠦᠭᠡᠯ᠂ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠪᠡᠶᠡᠯᠡᠭᠦᠯᠦᠭᠰᠡᠨ ᠪᠠᠶ᠋ᠢᠳᠠᠯ᠂ ᠲᠥᠷᠥᠯ ᠵᠦᠢ᠍ᠯ᠎ᠤᠨ ᠳᠣᠲᠣᠭ᠋ᠠᠳᠤ ᠵᠢᠨ ᠵᠣᠬᠢᠶᠠᠨ ᠪᠠᠢ᠌ᠭᠤᠯᠵᠤ ᠠᠬᠢᠭᠤᠯᠤᠭᠰᠠᠨ ᠪᠠᠶ᠋ᠢᠳᠠᠯ᠂ ᠵᠠᠷᠤᠳᠠᠯ᠎ᠤᠨ ᠬᠡᠷᠡᠭᠯᠡᠯᠲᠡ ᠵᠢᠨ ᠪᠠᠶ᠋ᠢᠳᠠᠯ᠂ ᠣᠷᠣᠰᠢᠵᠤ ᠪᠠᠢ᠌ᠭ᠎ᠠ ᠠᠰᠠᠭᠤᠳᠠᠯ ᠵᠢᠴᠢ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ ᠵᠡᠷᠭᠡ ᠲᠠᠯ᠎ᠠ᠎ᠪᠠᠷ ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠠᠪᠰᠤᠷᠤᠨ ᠲᠡᠳᠬᠦᠬᠦ ᠠᠵᠢᠯ᠎ᠤᠨ ᠪᠠᠶ᠋ᠢᠳᠠᠯ᠎ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠪᠡ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠨᠢ ᠮᠠᠨ᠎ᠤ ᠣᠷᠣᠨ᠎ᠤ ᠴᠡᠭ᠎ᠲᠤ ᠰᠠᠭᠤᠭ᠎ᠠ 5 ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠠᠵᠢᠯ᠎ᠤᠨ ᠪᠠᠶ᠋ᠢᠳᠠᠯ᠎ᠢ ᠲᠤᠯᠭ᠋ᠠᠨ ᠠᠰᠠᠭᠤᠵᠤ ᠦᠨᠡᠯᠡᠨ ᠶᠠᠷᠢᠯᠴᠠᠵᠤ᠂ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠠᠬᠢᠭᠤᠯᠬᠤ ᠴᠢᠭᠯᠡᠯ᠎ᠳᠤ ᠬᠠᠮᠢᠶ᠎ᠠ ᠪᠦᠬᠦᠢ ᠰᠠᠨᠠᠭᠤᠯᠭ᠎ᠠ ᠳᠤᠷᠠᠳᠪᠠ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠠᠴᠠ ᠰᠤᠳᠤᠯᠤᠨ ᠶᠠᠷᠢᠯᠴᠠᠬᠤ᠎ᠪᠠᠷ ᠳᠠᠮᠵᠢᠨ᠂ ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠬᠠᠪᠰᠤᠷᠤᠨ ᠲᠡᠳᠬᠦᠬᠦ ᠠᠵᠢᠯ ᠤᠯᠤᠰ᠎ᠤᠨ ᠦᠨᠡᠯᠡᠨ ᠵᠢᠱ᠌ᠢᠯᠲᠡ ᠵᠢ ᠤᠷᠤᠭᠰᠢᠲᠠᠢ ᠥᠩᠭᠡᠷᠡᠭᠦᠯᠦᠭᠰᠡᠨ᠎ᠢ ᠰᠠᠨᠠᠯ ᠨᠢᠭᠡᠲᠡᠢ ᠵᠥᠪᠰᠢᠶᠡᠷᠡᠪᠡ᠃
      ᠳᠠᠷᠠᠭ᠎ᠠ ᠠᠯᠬᠤᠮ᠎ᠳᠤ᠂ ᠮᠠᠨ᠎ᠤ ᠬᠦᠷᠢᠶᠡᠯᠡᠩ ᠲᠤᠰ ᠤᠳᠠᠭ᠋ᠠᠨ᠎ᠤ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ᠎ᠤᠨ ᠱᠠᠭ᠋ᠠᠷᠳᠠᠯᠭ᠎ᠠ ᠵᠢᠨ ᠲᠣᠭᠣᠷᠢᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠰᠢᠰᠲ᠋ᠧᠮ᠎ᠤᠨ ᠶᠠᠰᠤ ᠴᠢᠨᠠᠷ᠂ ᠤᠰᠤᠨ᠎ᠤ ᠠᠮᠢ ᠠᠬᠤᠢ᠂ ᠤᠰᠤᠨ᠎ᠤ ᠡᠬᠢ ᠪᠠᠶᠠᠯᠢᠭ᠎ᠤᠨ ᠲᠡᠩᠴᠡᠭᠦᠷᠢ᠂ ᠤᠰᠤᠨ᠎ᠤ ᠣᠷᠴᠢᠨ ᠲᠣᠭᠣᠷᠢᠨ᠎ᠤ ᠪᠠᠶ᠋ᠢᠳᠠᠯ᠎ᠤᠨ ᠵᠠᠳᠠᠯᠤᠯᠲᠠ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠭᠣᠣᠯᠳᠠᠯᠭ᠎ᠠ᠎ᠲᠠᠢ ᠲᠦᠭᠰᠢᠭᠦᠷᠢ ᠵᠢᠨ ᠡᠬᠢ ᠰᠤᠷᠪᠤᠯᠵᠢ ᠵᠢ ᠶᠡᠷᠦᠩᠬᠡᠢ᠌ᠯᠡᠨ ᠬᠠᠮᠢᠶᠠᠷᠤᠨ ᠡᠵᠡᠮᠳᠡᠬᠦ ᠰᠤᠳᠤᠯᠭ᠋ᠠᠨ᠎ᠢ ᠳᠡᠭᠡᠭᠰᠢᠯᠡᠭᠦᠯᠬᠦ᠎ᠪᠠᠷ ᠭᠠᠷᠳᠠᠴᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠯᠪᠠᠰᠤᠷᠠᠭᠤᠯᠬᠤ ᠪᠠ ᠬᠤᠷᠠᠮᠳᠤᠭᠤᠯᠬᠤ ᠵᠢ ᠴᠢᠩᠭ᠋ᠠᠳᠬᠠᠨ᠂ ᠬᠠᠲᠤᠨ ᠭᠣᠣᠯ᠎ᠤᠨ ᠰᠠᠪᠠ ᠭᠠᠵᠠᠷ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠩᠭ᠎ᠠ ᠬᠦᠴᠦᠲᠡᠢ ᠰᠢᠨᠵᠢᠯᠡᠬᠦ ᠤᠬᠠᠭ᠋ᠠᠨᠴᠢ ᠤᠨᠤᠯ᠎ᠤᠨ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠬᠠᠮᠲᠤᠷᠠᠨ ᠰᠤᠳᠤᠯᠬᠤ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠮᠤᠵᠢ ᠵᠢᠨ ᠱᠠᠲᠤᠨ᠎ᠤ ᠠᠵᠢᠯ᠎ᠤᠨ ᠳᠤᠭᠤᠢ᠌ᠯᠠᠩ ᠴᠡᠭ᠎ᠲᠤ ᠰᠠᠭᠤᠭ᠎ᠠ ᠲᠠᠪᠤᠨ ᠬᠣᠲᠠ᠎ᠳᠤ ᠬᠦᠷᠴᠦ ᠲᠤᠬᠠᠢ ᠵᠢᠨ ᠲᠠᠯᠠᠪᠤᠷ᠎ᠲᠤ ᠵᠢᠭ᠋ᠠᠨ ᠵᠢᠯᠤᠭᠣᠳᠴᠤ ᠬᠠᠪᠰᠤᠷᠤᠨ ᠲᠡᠳᠬᠦᠬᠦ ᠠᠵᠢᠯ ᠥᠷᠨᠢᠭᠦᠯᠪᠡ
ᠬᠥᠬᠡ ᠤᠳᠤᠨ ᠪᠥᠮᠪᠥᠷᠴᠡᠭ᠎ᠢ ᠰᠠᠬᠢᠨ ᠬᠠᠮᠠᠭ᠋ᠠᠯᠠᠵᠤ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠡᠷ᠎ᠡ᠎ᠪᠠᠨ ᠬᠠᠮᠲᠤ᠎ᠪᠠᠷ ᠭᠦᠢ᠍ᠴᠡᠳᠬᠡᠶ᠎ᠡ —— ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠡᠭᠦᠷ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠪᠠᠢ᠌ᠴᠠᠭ᠋ᠠᠨ ᠵᠠᠳᠠᠯᠤᠯᠲᠠ ᠵᠢᠨ ᠳᠦᠷᠦᠯ ᠵᠦᠢ᠍ᠯ ᠬᠢᠨᠠᠨ ᠦᠨᠡᠯᠡᠯᠲᠡ ᠵᠢ ᠤᠷᠤᠭᠰᠢᠲᠠᠢ ᠥᠩᠭᠡᠷᠡᠪᠡ
2024 ᠣᠨ᠎ᠤ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠠᠰᠠᠭ᠎ᠤᠨ ᠶᠠᠪᠤᠳᠠᠯ᠎ᠤᠨ ᠡᠳ᠋᠎ᠤᠨ ᠶᠠᠪᠤᠳᠠᠯ᠎ᠤᠨ ᠪᠤᠯᠪᠠᠰᠤᠷᠠᠯ᠎ᠤᠨ ᠠᠩᠭᠢ ᠡᠷᠬᠢᠯᠡᠵᠦ ᠡᠩᠨᠡᠭᠡ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠲᠡᠭᠡᠭᠰᠢᠯᠡᠬᠦᠯᠦᠨ᠎ᠡ
 
             蒙ICP备05000248号