ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠪᠠᠢ᠌ᠴᠠᠭ᠋ᠠᠨ ᠵᠠᠳᠠᠯᠤᠯᠲᠠ ᠵᠢᠨ ᠳᠦᠷᠦᠯ ᠵᠦᠢ᠍ᠯ ᠬᠢᠨᠠᠨ ᠦᠨᠡᠯᠡᠯᠲᠡ ᠵᠢ ᠤᠷᠤᠭᠰᠢᠲᠠᠢ ᠥᠩᠭᠡᠷᠡᠪᠡ
ᠨᠡᠶ᠋ᠢᠲᠡᠯᠡᠭᠰᠡᠨ ᠴᠠᠭ᠄ 2024-12-10

      ᠪᠥᠬᠥ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠤᠯᠠᠮ ᠨᠢᠭᠡ ᠠᠯᠬᠤᠮ ᠡᠵᠡᠮᠰᠢᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠢ᠌ᠳᠠᠯᠭ᠎ᠠ᠎ᠪᠠᠷ᠂ ᠮᠠᠨ᠎ᠤ ᠬᠦᠷᠢᠶᠡᠯᠡᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 — 2023 ᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠪᠠᠢ᠌ᠴᠠᠭ᠋ᠠᠨ ᠵᠠᠳᠠᠯᠬᠤ ᠲᠥᠷᠥᠯ ᠵᠦᠢ᠍ᠯ᠎ᠢ ᠡᠬᠢᠯᠡᠭᠦᠯᠪᠡ᠃ 2024 ᠣᠨ᠎ᠤ 11 ᠰᠠᠷ᠎ᠠ ᠵᠢᠨ 26᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠪᠣᠯᠣᠨ ᠶᠡᠬᠡ ᠳᠡᠭᠡᠳᠦ ᠰᠤᠷᠭ᠋ᠠᠭᠤᠯᠢ ᠵᠢᠨ 5 ᠲᠤᠰᠬᠠᠢ ᠮᠡᠷᠭᠡᠵᠢᠯᠲᠡᠨ ᠪᠠᠭᠰᠢ ᠵᠢ ᠤᠷᠢᠵᠤ ᠳᠦᠷᠦᠯ ᠵᠦᠢ᠍ᠯ᠎ᠤᠨ ᠦᠷ᠎ᠡ ᠪᠦᠲᠦᠭᠡᠯ᠎ᠢ ᠬᠢᠨᠠᠨ ᠦᠨᠡᠯᠡᠪᠡ᠃
      ᠲᠣᠰ ᠲᠥᠷᠥᠯ ᠵᠦᠢ᠍ᠯ᠎ᠳᠤ 2022 — 2023 ᠣᠨ᠎ᠤ ᠪᠥᠬᠥ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠪᠥᠬᠥ ᠲᠠᠯ᠎ᠠ᠎ᠪᠠᠷ ᠵᠠᠳᠠᠯᠵᠤ᠂ ᠣᠷᠣᠰᠢᠵᠤ ᠪᠠᠢ᠌ᠭ᠎ᠠ ᠠᠰᠠᠭᠤᠳᠠᠯ ᠵᠢᠴᠢ ᠲᠡᠭᠦᠨ᠎ᠤ ᠪᠤᠢ ᠪᠣᠯᠤᠭᠰᠠᠨ ᠰᠢᠯᠲᠠᠭ᠋ᠠᠨ᠎ᠢ ᠨᠠᠷᠢᠨ ᠬᠢᠨᠠᠮᠠᠭ᠋ᠠᠢ ᠡᠮᠬᠢᠯᠡᠬᠦ ᠵᠢᠨ ᠬᠠᠮᠲᠤ ᠲᠠᠷᠠᠭ᠋ᠠᠴᠢ ᠵᠢᠨ ᠠᠯᠬᠤᠮ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠬᠠᠷᠠᠭ᠋ᠠᠯᠵᠠᠭᠰᠠᠨ ᠠᠷᠭ᠋ᠠᠴᠠᠭ᠋ᠠᠬᠤ ᠪᠣᠳᠣᠯᠭ᠎ᠠ ᠵᠢᠴᠢ ᠰᠠᠨᠠᠭᠤᠯᠭ᠎ᠠ ᠳᠤᠷᠠᠳᠪᠠ᠃ ᠬᠤᠷᠠᠯ᠎ᠳᠤ ᠣᠷᠣᠯᠴᠠᠭᠰᠠᠨ ᠲᠤᠬᠠᠢ ᠵᠢᠨ ᠲᠠᠯᠠᠪᠠᠢ ᠵᠢᠨ ᠲᠤᠰᠬᠠᠢ ᠮᠡᠷᠭᠡᠵᠢᠯᠲᠡᠨ ᠮᠠᠨ᠎ᠤ ᠬᠦᠷᠢᠶᠡᠯᠡᠩ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠪᠠᠢ᠌ᠴᠠᠭ᠋ᠠᠨ ᠵᠠᠳᠠᠯᠤᠯᠲᠠ ᠵᠢᠨ ᠳᠦᠷᠦᠯ ᠵᠦᠢ᠍ᠯ᠎ᠤᠨ ᠣᠯᠣᠭᠰᠠᠨ ᠦᠷ᠎ᠡ ᠪᠦᠲᠦᠭᠡᠯ᠎ᠢ ᠭᠦᠢ᠍ᠴᠡᠳ ᠨᠤᠲᠠᠯᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠪᠠᠢ᠌ᠴᠠᠭ᠋ᠠᠨ ᠵᠠᠳᠠᠯᠤᠯᠲᠠ ᠵᠢᠨ ᠳᠦᠷᠦᠯ ᠵᠦᠢ᠍ᠯ ᠬᠢᠨᠠᠨ ᠦᠨᠡᠯᠡᠯᠲᠡ ᠵᠢ ᠤᠷᠤᠭᠰᠢᠲᠠᠢ ᠳᠠᠪᠠᠪᠠ᠃
      ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠬᠦᠷᠢᠶᠡᠯᠡᠩ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠤᠨ ᠲᠣᠭᠣᠷᠢᠨ᠎ᠳᠤ᠂ ᠮᠠᠨ᠎ᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠵᠠᠳᠠᠯᠤᠯᠲᠠ ᠰᠤᠳᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠢ ᠵᠢᠨ ᠣᠶᠤᠨ᠎ᠤ ᠬᠥᠮᠥᠷᠭᠡ ᠵᠢᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠎ᠳᠤ ᠪᠥᠬᠥ ᠲᠠᠯ᠎ᠠ ᠵᠢᠨ ᠨᠠᠷᠢᠨ ᠪᠣᠳᠠᠲᠠᠢ ᠤᠨᠤᠯ᠎ᠤᠨ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠪᠥᠬᠥ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠷᠢᠭᠤᠨ ᠴᠡᠪᠡᠷ ᠦᠢ᠍ᠯᠡᠳᠪᠦᠷᠢᠯᠡᠯ᠎ᠢ ᠬᠢᠨᠠᠨ ᠬᠠᠷᠭᠤᠭᠤᠯᠬᠤ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠬᠥᠬᠡᠬᠣᠲᠠ᠎ᠳᠤ ᠶᠠᠪᠤᠭᠳᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠵᠠᠰᠠᠭ᠎ᠤᠨ ᠶᠠᠪᠤᠳᠠᠯ᠎ᠤᠨ ᠡᠳ᠋᠎ᠤᠨ ᠶᠠᠪᠤᠳᠠᠯ᠎ᠤᠨ ᠪᠤᠯᠪᠠᠰᠤᠷᠠᠯ᠎ᠤᠨ ᠠᠩᠭᠢ ᠡᠷᠬᠢᠯᠡᠵᠦ ᠡᠩᠨᠡᠭᠡ ᠵᠢᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠲᠡᠭᠡᠭᠰᠢᠯᠡᠬᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠦᠷᠢᠶᠡᠯᠡᠩ᠎ᠤᠨ᠎ᠬᠢᠨ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ᠎ᠢ ᠲᠣᠬᠣᠨᠢᠭᠤᠯᠬᠤ ᠠᠵᠢᠯᠯᠠᠭ᠎ᠠ ᠥᠷᠨᠢᠭᠦᠯᠵᠡᠢ
ᠬᠠᠶᠠᠬᠳᠠᠮᠠᠯ ᠡᠳ᠋᠎ᠤᠨ ᠬᠡᠮᠵᠢᠶ᠎ᠡ ᠵᠢ ᠪᠠᠭ᠋ᠠᠰᠬᠠᠬᠤ
WWF
 
             蒙ICP备05000248号