ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠤᠨ ᠪᠤᠢ ᠪᠣᠯᠤᠭᠰᠠᠨ ᠰᠢᠯᠲᠠᠭ᠋ᠠᠨ ᠬᠢᠭᠡᠳ ᠶᠡᠷᠦᠩᠬᠡᠢ᠌ᠯᠡᠨ ᠵᠠᠰᠠᠬᠤ ᠰᠤᠳᠤᠯᠭ᠋ᠠᠨ》 ᠭᠡᠬᠦ ᠰᠡᠳᠦᠪ᠎ᠤᠨ ᠠᠶᠠᠯᠠᠯ᠎ᠤᠨ ᠠᠶᠠᠯᠠᠯ᠎ᠤᠨ ᠬᠢᠨᠠᠨ ᠬᠡᠮᠵᠢᠬᠦ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2024-03-21

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠡᠭᠦᠷᠭᠡᠯᠡᠭᠰᠡᠨ 《ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠤᠨ ᠡᠭᠦᠰᠦᠭᠰᠡᠨ ᠰᠢᠯᠲᠠᠭ᠋ᠠᠨ ᠬᠢᠭᠡᠳ ᠶᠡᠷᠦᠩᠬᠡᠢ᠌ᠯᠡᠨ ᠵᠠᠰᠠᠬᠤ ᠰᠤᠳᠤᠯᠭ᠋ᠠᠨ — ᠠᠭ᠋ᠠᠷ ᠮᠠᠨᠳᠠᠯ᠎ᠤᠨ ᠪᠣᠬᠢᠷᠲᠤᠯ᠎ᠤᠨ ᠡᠬᠢ ᠵᠢᠨ ᠭᠠᠳᠠᠭᠰᠢᠯᠠᠭᠤᠯᠤᠯᠲᠠ ᠵᠢᠨ ᠨᠠᠷᠢᠨ ᠳᠠᠩᠰᠠ》 ᠭᠡᠬᠦ ᠰᠡᠳᠦᠪ᠎ᠤᠨ ᠠᠵᠢᠯ᠎ᠤᠨ ᠠᠬᠢᠴᠠ ᠵᠢ ᠤᠯᠠᠮ ᠴᠢᠨᠠᠭᠰᠢᠳᠠ ᠠᠬᠢᠭᠤᠯᠵᠤ᠂ ᠦᠬᠠᠢ ᠵᠢᠴᠢ ᠡᠷᠬᠢᠨ ᠲᠣᠭᠣᠷᠢᠨ᠎ᠤ ᠣᠷᠣᠨ ᠪᠦᠰᠡ ᠵᠢᠨ ᠳᠣᠲᠣᠷ᠎ᠠ ᠲᠣᠭᠲᠠᠮᠠᠯ ᠰᠢᠳᠡᠯᠲᠡ ᠵᠢᠨ ᠡᠬᠢ᠂ ᠠᠷᠠᠳ᠎ᠤᠨ ᠬᠡᠷᠡᠭᠯᠡᠭᠡᠨ᠎ᠤ ᠰᠢᠳᠡᠯᠲᠡ ᠵᠢᠨ ᠡᠬᠢ᠂ ᠭᠠᠷ ᠤᠷᠠᠯᠠᠯ᠎ᠤᠨ ᠶᠠᠪᠤᠴᠠ ᠵᠢᠨ ᠡᠬᠢ᠂ ᠰᠢᠯᠵᠢᠮᠡᠯ ᠡᠬᠢ᠂ ᠠᠭᠤᠰᠬᠠᠭᠴᠢ ᠵᠢᠨ ᠬᠡᠷᠡᠭᠯᠡᠯᠲᠡ ᠵᠢᠨ ᠡᠬᠢ᠂ ᠲᠠᠷᠢᠶᠠᠯᠠᠩ᠎ᠤᠨ ᠡᠬᠢ᠂ ᠲᠣᠭᠣᠰᠣ ᠰᠢᠷᠣᠢ ᠵᠢᠨ ᠡᠬᠢ᠂ ᠠᠮᠢᠳᠤ ᠪᠣᠳᠠᠰ᠎ᠤᠨ ᠨᠡᠭᠡᠭᠡᠯᠲᠡ᠎ᠲᠠᠢ ᠰᠢᠳᠡᠯᠲᠡ ᠵᠢᠨ ᠡᠬᠢ᠂ ᠬᠠᠶᠠᠭᠳᠠᠮᠠᠯ ᠪᠣᠳᠠᠰ᠎ᠤᠨ ᠰᠢᠢ᠍ᠳᠪᠦᠷᠢᠯᠡᠯᠲᠡ ᠵᠢᠨ ᠡᠬᠢ᠂ ᠪᠤᠰᠤᠳ ᠭᠠᠳᠠᠭᠰᠢᠯᠠᠭᠤᠯᠤᠯᠲᠠ ᠵᠢᠨ ᠡᠬᠢ ᠵᠡᠷᠭᠡ 10 ᠲᠥᠷᠥᠯ᠎ᠤᠨ ᠭᠠᠳᠠᠭᠰᠢᠯᠠᠭᠤᠯᠤᠯᠲᠠ ᠵᠢᠨ ᠡᠬᠢ ᠵᠢ ᠬᠠᠮᠤᠷᠤᠭᠰᠠᠨ ᠴᠠᠭ ᠣᠷᠣᠨ ᠵᠠᠢ ᠵᠢᠨ ᠥᠨᠳᠥᠷ ᠢᠯᠭ᠋ᠠᠮᠵᠢᠳᠤ ᠠᠭ᠋ᠠᠷ ᠮᠠᠨᠳᠠᠯ᠎ᠤᠨ ᠪᠣᠬᠢᠷᠲᠤᠯ᠎ᠤᠨ ᠡᠬᠢ ᠰᠤᠷᠪᠤᠯᠵᠢ ᠵᠢᠨ ᠭᠠᠳᠠᠭᠰᠢᠯᠠᠭᠤᠯᠤᠯᠲᠠ ᠵᠢᠨ ᠲᠣᠳᠣᠷᠬᠠᠢ ᠬᠠᠭᠤᠳᠠᠰᠤ ᠵᠢᠨ ᠳ᠋ᠠᠢ᠌ᠲ᠋ᠠ ᠬᠥᠮᠥᠷᠭᠡ ᠵᠢ ᠪᠠᠢ᠌ᠭᠤᠯᠤᠨ᠎ᠠ᠃ 2024 ᠣᠨ᠎ᠤ 3 ᠰᠠᠷ᠎ᠠ ᠵᠢᠨ ᠡᠬᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠰᠤᠳᠤᠯᠭ᠋ᠠᠨ᠎ᠤ ᠰᠡᠳᠦᠪ᠎ᠤᠨ ᠳᠤᠭᠤᠢ᠌ᠯᠠᠩ᠎ᠤᠨ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠭᠣᠣᠯᠳᠠᠯᠭ᠎ᠠ᠎ᠲᠠᠢ ᠣᠷᠣᠨ ᠪᠦᠰᠡ (ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠠᠭᠤᠷᠬᠠᠢ ᠵᠢᠨ ᠣᠷᠣᠨ)᠂ ᠭᠣᠣᠯᠳᠠᠯᠭ᠎ᠠ᠎ᠲᠠᠢ ᠵᠠᠮ ᠬᠠᠷᠢᠯᠴᠠᠭ᠋ᠠᠨ᠎ᠤ ᠭᠣᠣᠯ ᠵᠠᠮ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠳᠤ ᠠᠶᠠᠯᠠᠯ᠎ᠤᠨ ᠬᠢᠨᠠᠨ ᠬᠡᠮᠵᠢᠬᠦ ᠠᠵᠢᠯ ᠥᠷᠨᠢᠭᠦᠯᠪᠡ᠃

      ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠠᠭᠤᠷᠬᠠᠢ ᠵᠢᠨ ᠲᠣᠭᠣᠷᠢᠭ᠂ ᠬᠣᠲᠠ ᠵᠢᠨ ᠲᠣᠭᠣᠷᠢᠭ᠎ᠤᠨ ᠠᠶᠠᠯᠠᠯ᠎ᠤᠨ ᠬᠢᠨᠠᠨ ᠬᠡᠮᠵᠢᠯᠲᠡ᠎ᠪᠠᠷ ᠳᠡᠮᠵᠢᠨ᠂ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠪᠠᠶ᠋ᠢᠳᠠᠯ᠎ᠳᠤ ᠪᠦᠬᠦ ᠲᠠᠯ᠎ᠠ ᠵᠢᠨ ᠪᠠᠶ᠋ᠢᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠵᠢ ᠲᠦᠷᠭᠡᠨ ᠬᠢᠵᠦ᠂ ᠣᠷᠣᠨ ᠪᠦᠰᠡ ᠵᠢᠨ ᠪᠣᠬᠢᠷᠲᠤᠯ᠎ᠤᠨ ᠲᠠᠷᠬᠠᠯᠲᠠ ᠵᠢᠨ ᠪᠠᠶ᠋ᠢᠳᠠᠯ ᠪᠠ ᠭᠠᠳᠠᠭᠰᠢᠯᠠᠭᠤᠯᠤᠯᠲᠠ ᠵᠢᠨ ᠪᠠᠶ᠋ᠢᠳᠠᠯ᠎ᠢ ᠪᠦᠬᠦᠯᠢ ᠴᠣᠭᠴᠠ᠎ᠪᠠᠷ᠎ᠨᠢ ᠡᠵᠡᠮᠰᠢᠵᠦ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠴᠠᠭ ᠬᠤᠭᠤᠴᠠᠭ᠎ᠠ᠂ ᠠᠳᠠᠯᠢ ᠪᠤᠰᠤ ᠲᠥᠷᠥᠯ ᠵᠦᠢ᠍ᠯ᠎ᠤᠨ VOCs ᠵᠢᠴᠢ ᠠᠭ᠋ᠠᠷ᠎ᠤᠨ ᠵᠢᠷᠭᠤᠭ᠋ᠠᠨ ᠪᠣᠯᠵᠣᠯᠲᠤ ᠲᠣᠭ᠎ᠠ ᠵᠢᠨ ᠥᠳᠬᠡᠴᠡ ᠵᠢᠨ ᠬᠤᠪᠢᠷᠠᠯᠲᠠ ᠵᠢᠨ ᠪᠠᠶ᠋ᠢᠳᠠᠯ᠎ᠢ ᠣᠢ᠌ᠯᠠᠭ᠋ᠠᠵᠤ᠂ ᠪᠣᠬᠢᠷᠲᠤᠯ᠎ᠤᠨ ᠢᠷᠡᠯᠲᠡ ᠵᠢ ᠡᠷᠢᠬᠦ ᠪᠠ ᠴᠠᠭ ᠬᠤᠭᠤᠴᠠᠭ᠎ᠠ ᠪᠠ ᠣᠷᠣᠨ ᠵᠠᠢ ᠵᠢᠨ ᠥᠨᠳᠥᠷ ᠢᠯᠭ᠋ᠠᠮᠵᠢᠲᠤ ᠠᠭ᠋ᠠᠷ ᠮᠠᠨᠳᠠᠯ᠎ᠤᠨ ᠭᠠᠳᠠᠭᠰᠢᠯᠠᠭᠤᠯᠤᠯᠲᠠ ᠵᠢᠨ ᠨᠠᠷᠢᠨ ᠬᠠᠭᠤᠳᠠᠰᠤ ᠵᠢ ᠪᠠᠢ᠌ᠭᠤᠯᠬᠤ᠎ᠳᠤ ᠰᠠᠭᠤᠷᠢ ᠵᠢ ᠰᠠᠶ᠋ᠢᠲᠤᠷ ᠲᠠᠯᠪᠢᠵᠤ᠂ ᠪᠣᠬᠢᠷᠲᠤᠯ᠎ᠲᠠᠢ ᠬᠡᠢ ᠪᠡᠶᠡᠲᠦ ᠭᠠᠳᠠᠭᠰᠢᠯᠠᠭᠤᠯᠬᠤ ᠨᠢᠭᠡᠴᠢ ᠵᠢ ᠨᠠᠷᠢᠯᠢᠭᠵᠢᠭᠤᠯᠤᠨ ᠬᠠᠮᠢᠶᠠᠷᠤᠨ ᠡᠵᠡᠮᠳᠡᠬᠦ᠂ ᠵᠦᠷᠢᠶᠡᠵᠢᠬᠦᠯᠦᠨ ᠵᠠᠰᠠᠬᠤ᠎ᠳᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠣᠶᠠᠳᠤᠭ᠋ᠠᠷ ᠨᠠᠮ᠎ᠤᠨ ᠡᠭᠦᠷ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠮᠡᠷᠭᠡᠵᠢᠯ᠎ᠤᠨ ᠦᠢ᠍ᠯᠡᠴᠢᠯᠡᠭᠡ ᠵᠢ ᠵᠢᠯᠤᠭᠣᠳᠬᠤ ᠠᠵᠢᠯ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠥᠪᠥᠷ ᠮᠣᠩᠭᠣᠯ᠎ᠤᠨ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ (2021 — 2035 ᠣᠨ) ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠦᠨᠡᠯᠡᠨ ᠵᠢᠱ᠌ᠢᠬᠦ ᠬᠤᠷᠠᠯ᠎ᠢ ᠡᠷᠭᠢᠯᠡᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠡᠰᠡᠭ ᠪᠠᠢ᠌ᠭᠤᠯᠭ᠎ᠠ ᠭᠠᠵᠠᠷ ᠲᠠᠰᠤᠭ᠎ᠤᠨ ᠨᠠᠮ᠎ᠤᠨ ᠡᠭᠦᠷ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠠᠢ᠌ᠬᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠨᠠᠮ᠎ᠤᠨ ᠡᠭᠦᠷ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ 〈ᠶᠡᠬᠡ ᠠᠮᠢ ᠠᠬᠤᠢ〉 ᠵᠢᠨ ᠬᠡᠯᠪᠡᠷᠢ ᠵᠢ ᠬᠤᠪᠢᠷᠠᠭᠤᠯᠬᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 6.5᠎ᠤ ᠣᠷᠴᠢᠨ ᠲᠣᠭᠣᠷᠢᠨ᠎ᠤ ᠡᠳᠦᠷ᠎ᠤᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ》 — ᠪᠣᠬᠢᠷᠲᠤᠯ ᠦᠭᠡᠢ ᠠᠮᠢᠳᠤᠷᠠᠯ᠎ᠢ ᠦᠢ᠍ᠯᠡᠳᠦᠯᠭᠡᠵᠢᠭᠦᠯᠬᠦ᠂ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ᠂ ᠠᠭᠤᠷ ᠠᠮᠢᠰᠬᠤᠯ᠎ᠢ ᠠᠬᠢᠭᠤᠯᠬᠤ ᠠᠵᠢᠯᠯᠠᠭ᠎ᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠠᠬᠢᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ ᠪᠥᠬᠥ ᠠᠵᠢᠯᠲᠠᠨ᠎ᠢ ᠵᠣᠬᠢᠶᠠᠨ ᠪᠠᠢ᠌ᠭᠤᠯᠵᠤ 《2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠲᠥᠯᠥᠪᠵᠢᠭᠦᠯᠬᠦ ᠣᠷᠴᠢᠨ ᠲᠣᠭᠣᠷᠢᠨ᠎ᠤ ᠨᠥᠯᠥᠭᠡᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ》᠎ᠳᠤ ᠣᠷᠣᠯᠴᠠᠪᠠ
 
             蒙ICP备05000248号