ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠣᠶᠠᠳᠤᠭ᠋ᠠᠷ ᠨᠠᠮ᠎ᠤᠨ ᠡᠭᠦᠷ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠮᠡᠷᠭᠡᠵᠢᠯ᠎ᠤᠨ ᠦᠢ᠍ᠯᠡᠴᠢᠯᠡᠭᠡ ᠵᠢ ᠵᠢᠯᠤᠭᠣᠳᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2024-04-15

      3 ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠣᠶᠠᠳᠤᠭ᠋ᠠᠷ ᠨᠠᠮ᠎ᠤᠨ ᠡᠭᠦᠷ ᠯᠧᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠦ᠂ 《ᠨᠠᠮ᠎ᠤᠨ ᠪᠠᠢ᠌ᠭᠤᠯᠤᠯᠲᠠ᠎ᠪᠠᠷ ᠲᠤᠬᠠᠢ᠌ᠯᠠᠭᠰᠠᠨ ᠠᠵᠢᠯ᠎ᠢ ᠬᠥᠲᠥᠯᠥᠨ ᠳᠠᠭ᠋ᠠᠭᠤᠯᠬᠤ》 ᠠᠷᠭ᠎ᠠ ᠮᠠᠶᠢᠭ ᠵᠶ᠋ᠠᠷ ᠵᠡᠭᠦᠨᠭ᠋ᠠᠷ ᠬᠣᠰᠢᠭᠤᠨ᠎ᠤ ᠮᠧᠩ ᠰᠢᠶᠠᠩ ᠨᠡᠭᠦᠷᠡᠰᠦᠨ᠎ᠤ ᠲᠥᠷᠥᠯ ᠵᠦᠢ᠍ᠯ᠎ᠳᠤ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ᠃ ᠰᠦᠯᠵᠢᠶ᠎ᠡ᠎ᠪᠠᠷ ᠬᠠᠪᠰᠤᠷᠤᠨ ᠲᠡᠳᠬᠦᠬᠦ ᠪᠠ ᠲᠤᠬᠠᠢ ᠵᠢᠨ ᠲᠠᠯᠠᠪᠤᠷ᠎ᠲᠤ ᠭᠦᠨᠵᠡᠭᠡᠢ᠌ᠷᠡᠬᠦ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ᠂ ᠲᠤᠰᠬᠠᠢ ᠮᠡᠷᠭᠡᠵᠢᠯᠲᠡᠨ᠎ᠠᠴᠠ ᠠᠰᠠᠭᠤᠨ ᠯᠠᠪᠯᠠᠬᠤ᠂ ᠰᠣᠯᠢᠯᠴᠠᠨ ᠶᠠᠷᠢᠯᠴᠠᠬᠤ ᠠᠵᠢᠯ ᠥᠷᠨᠢᠭᠦᠯᠵᠦ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠨᠢᠭᠡᠴᠢ᠎ᠲᠠᠢ ᠵᠣᠯᠭ᠋ᠠᠭᠤᠯᠬᠤ᠎ᠪᠠᠷ ᠳᠠᠮᠵᠢᠭᠤᠯᠤᠨ ᠲᠤᠰᠬᠠᠢ ᠮᠡᠷᠭᠡᠵᠢᠯ᠎ᠤᠨ ᠵᠢᠯᠣᠭᠣᠳᠤᠯᠭ᠎ᠠ ᠵᠢ ᠬᠡᠷᠡᠭᠵᠢᠭᠦᠯᠵᠦ᠂ ᠲᠥᠷᠥᠯ ᠵᠦᠢ᠍ᠯ᠎ᠳᠤ ᠣᠷᠣᠰᠢᠵᠤ ᠪᠠᠢ᠌ᠭ᠎ᠠ ᠠᠰᠠᠭᠤᠳᠠᠯ᠎ᠳᠤ ᠮᠠᠳᠠᠭ᠎ᠲᠠᠢ ᠠᠰᠠᠭᠤᠳᠠᠯ᠎ᠢ ᠰᠢᠢ᠍ᠳᠪᠦᠷᠢᠯᠡᠬᠦ ᠵᠢᠨ ᠬᠠᠮᠲᠤ ᠰᠢᠢ᠍ᠳᠪᠦᠷᠢᠯᠡᠬᠦ ᠠᠷᠭ᠎ᠠ ᠵᠢ ᠳᠤᠷᠠᠳᠤᠨ ᠭᠠᠷᠭ᠋ᠠᠪᠠ᠃
      ᠮᠡᠷᠭᠡᠵᠢᠯ ᠵᠶ᠋ᠡᠷ ᠬᠠᠪᠰᠤᠷᠤᠨ ᠲᠡᠳᠬᠦᠬᠦ᠂ ᠵᠢᠯᠣᠭᠣᠳᠤᠨ ᠴᠡᠭᠴᠡᠯᠡᠨ ᠰᠠᠢ᠌ᠵᠢᠷᠠᠭᠤᠯᠬᠤ ᠵᠢᠴᠢ ᠠᠯᠤᠰ᠎ᠠᠴᠠ 《ᠰᠦᠯᠵᠢᠶᠡᠨ ᠳᠡᠭᠡᠷ᠎ᠡ ᠬᠠᠮᠲᠤᠷᠠᠨ ᠣᠨᠣᠰᠢᠯᠠᠬᠤ》᠎ᠪᠠᠷ ᠳᠡᠮᠵᠢᠨ᠂ ᠬᠠᠪᠰᠤᠷᠤᠨ ᠲᠡᠳᠬᠦᠬᠦ ᠳᠤᠭᠤᠢ᠌ᠯᠠᠩ᠎ᠤᠨ᠎ᠬᠢᠨ ᠨᠡᠭᠦᠷᠡᠰᠦᠨ ᠠᠭᠤᠷᠬᠠᠢ ᠵᠢᠨ ᠲᠥᠷᠥᠯ ᠵᠦᠢ᠍ᠯ᠎ᠤᠨ ᠣᠷᠴᠢᠨ ᠠᠬᠤᠢ᠎ᠳᠤ ᠦᠵᠡᠭᠦᠯᠬᠦ ᠨᠥᠯᠥᠭᠡ ᠵᠢᠨ ᠦᠨᠡᠯᠡᠯᠲᠡ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠳᠤᠷᠠᠳᠤᠭᠰᠠᠨ ᠪᠥᠭᠡᠳ ᠵᠢᠯᠤᠭᠣᠳᠬᠤ ᠰᠠᠨᠠᠯ ᠭᠠᠷᠭ᠋ᠠᠵᠤ᠂ ᠨᠡᠭᠦᠷᠡᠰᠦᠨ ᠠᠭᠤᠷᠬᠠᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠨᠢᠭᠡᠴᠢ ᠵᠢ ᠲᠥᠷᠥ ᠵᠢᠨ ᠪᠣᠳᠣᠯᠭ᠎ᠠ ᠵᠢᠨ 《ᠠᠰᠠᠭᠤᠳᠠᠯ᠎ᠢ ᠰᠢᠢ᠍ᠳᠪᠦᠷᠢᠯᠡᠬᠦ ᠴᠣᠩᠬᠣᠪᠴᠢ ᠬᠤᠭᠤᠴᠠᠭ᠎ᠠ》 ᠵᠢ ᠭᠦᠢ᠍ᠴᠡᠳ ᠡᠵᠡᠮᠰᠢᠵᠦ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠣᠷᠣᠨ ᠲᠣᠭ᠎ᠠ ᠵᠢᠨ ᠶᠠᠰᠤ ᠴᠢᠨᠠᠷ᠎ᠤᠨ 《ᠠᠮᠢᠨ ᠰᠤᠳᠠᠰᠤ》 ᠵᠢ ᠪᠠᠲᠤ ᠰᠠᠬᠢᠬᠤ ᠬᠡᠷᠡᠭᠲᠡᠶ ᠭᠡᠵᠦ ᠱᠠᠭ᠋ᠠᠷᠳᠠᠪᠠ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠬᠠᠮᠢᠶ᠎ᠠ ᠪᠦᠬᠦᠢ ᠠᠵᠢᠯᠲᠠᠨ ᠠᠵᠤ ᠠᠬᠤᠢ᠌ᠯᠠᠯ᠎ᠤᠨ ᠳᠤᠷᠠᠳᠤᠭᠰᠠᠨ ᠣᠷᠴᠢᠨ ᠲᠣᠭᠣᠷᠢᠨ᠎ᠤ ᠦᠨᠡᠯᠡᠯᠲᠡ ᠵᠢᠨ ᠬᠢᠨᠠᠨ ᠪᠠᠢ᠌ᠴᠠᠭ᠋ᠠᠯᠲᠠ ᠵᠡᠷᠭᠡ ᠠᠰᠠᠭᠤᠳᠠᠯ᠎ᠳᠤ ᠮᠠᠳᠠᠭ᠎ᠲᠠᠢ ᠠᠰᠠᠭᠤᠳᠠᠯ᠎ᠢ ᠬᠠᠷᠢᠭᠤᠯᠵᠤ᠂ ᠰᠦᠯᠵᠢᠶᠡᠨ ᠳᠡᠭᠡᠷᠡᠬᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢ ᠢᠳᠡᠪᠬᠢᠲᠡᠢ ᠬᠠᠩᠭ᠋ᠠᠵᠤ᠂ ᠠᠵᠤ ᠠᠬᠤᠢ᠌ᠯᠠᠯ᠎ᠤᠨ ᠬᠢᠨᠠᠨ ᠵᠥᠪᠰᠢᠶᠡᠷᠡᠯ᠎ᠢ ᠲᠦᠷᠭᠡᠳᠬᠡᠨ ᠪᠡᠶᠡᠯᠡᠭᠦᠯᠬᠦ᠎ᠳᠤ ᠬᠦᠴᠦᠨ ᠨᠡᠮᠡᠷᠢᠯᠡᠪᠡ᠃
      ᠲᠣᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠳᠡᠮᠵᠢᠨ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠰᠡᠳᠬᠢᠮᠵᠢ᠎ᠨᠢ ᠨᠠᠩ ᠲᠣᠳᠣᠷᠬᠠᠢ ᠪᠣᠯᠵᠤ᠂ ᠬᠣᠢ᠌ᠰᠢᠳᠠ ᠵᠢᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠲᠤᠬᠠᠢ ᠭᠠᠷ ᠭᠦᠢ᠍ᠴᠡᠳᠬᠡᠯ ᠬᠢᠬᠦ᠎ᠳᠤ ᠨᠠᠩ ᠲᠣᠳᠣᠷᠬᠠᠢ ᠲᠠᠨᠢᠯᠲᠠ᠎ᠲᠠᠢ ᠪᠣᠯᠵᠠᠢ᠃ ᠳᠠᠷᠠᠭ᠋ᠠᠴᠢ᠎ᠪᠠᠷ᠂ ᠬᠠᠪᠰᠤᠷᠤᠨ ᠲᠡᠳᠬᠦᠬᠦ ᠬᠤᠷᠠᠯ᠎ᠠᠴᠠ ᠳᠤᠷᠠᠳᠤᠭᠰᠠᠨ ᠰᠠᠨᠠᠯ᠎ᠢ ᠴᠢᠩᠭ᠎ᠠ ᠵᠢᠷᠤᠮᠯᠠᠨ ᠴᠡᠭᠴᠡᠯᠡᠨ ᠰᠠᠢ᠌ᠵᠢᠷᠠᠭᠤᠯᠵᠤ᠂ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠢ ᠡᠷᠲᠡᠬᠡᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠵᠡᠭᠦᠨᠭ᠋ᠠᠷ ᠬᠣᠰᠢᠭᠤᠨ᠎ᠤ ᠮᠧᠩ ᠰᠢᠶᠠᠩ ᠨᠡᠭᠦᠷᠡᠰᠦᠨ᠎ᠤ ᠺᠣᠮᠫᠠᠨᠢ ᠵᠢᠨ᠎ᠬᠢᠨ ᠮᠠᠨ᠎ᠤ ᠨᠠᠮ᠎ᠤᠨ ᠡᠭᠦᠷ᠎ᠤᠨ ᠨᠠᠮ᠎ᠤᠨ ᠭᠡᠰᠢᠭᠦᠨ᠎ᠤ ᠰᠠᠢ᠍ᠢ᠍ᠨ ᠳᠤᠷ᠎ᠠ ᠵᠢᠨ ᠠᠵᠢᠯᠯᠠᠭ᠎ᠠ ᠪᠣᠯᠣᠨ ᠲᠤᠬᠠᠢ᠌ᠯᠠᠭᠰᠠᠨ ᠠᠵᠢᠯ᠎ᠤᠨ ᠲᠦᠪᠰᠢᠨ᠎ᠢ ᠳᠡᠭᠡᠳᠦ ᠬᠡᠮᠵᠢᠶ᠎ᠡ᠎ᠪᠠᠷ ᠦᠨᠡᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠥᠪᠥᠷ ᠮᠣᠩᠭᠣᠯ᠎ᠤᠨ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ (2021 — 2035 ᠣᠨ) ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠦᠨᠡᠯᠡᠨ ᠵᠢᠱ᠌ᠢᠬᠦ ᠬᠤᠷᠠᠯ᠎ᠢ ᠡᠷᠭᠢᠯᠡᠨ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠡᠰᠡᠭ ᠪᠠᠢ᠌ᠭᠤᠯᠭ᠎ᠠ ᠭᠠᠵᠠᠷ ᠲᠠᠰᠤᠭ᠎ᠤᠨ ᠨᠠᠮ᠎ᠤᠨ ᠡᠭᠦᠷ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠠᠢ᠌ᠬᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠨᠠᠮ᠎ᠤᠨ ᠡᠭᠦᠷ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ 〈ᠶᠡᠬᠡ ᠠᠮᠢ ᠠᠬᠤᠢ〉 ᠵᠢᠨ ᠬᠡᠯᠪᠡᠷᠢ ᠵᠢ ᠬᠤᠪᠢᠷᠠᠭᠤᠯᠬᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 6.5᠎ᠤ ᠣᠷᠴᠢᠨ ᠲᠣᠭᠣᠷᠢᠨ᠎ᠤ ᠡᠳᠦᠷ᠎ᠤᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ》 — ᠪᠣᠬᠢᠷᠲᠤᠯ ᠦᠭᠡᠢ ᠠᠮᠢᠳᠤᠷᠠᠯ᠎ᠢ ᠦᠢ᠍ᠯᠡᠳᠦᠯᠭᠡᠵᠢᠭᠦᠯᠬᠦ᠂ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ᠂ ᠠᠭᠤᠷ ᠠᠮᠢᠰᠬᠤᠯ᠎ᠢ ᠠᠬᠢᠭᠤᠯᠬᠤ ᠠᠵᠢᠯᠯᠠᠭ᠎ᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠠᠬᠢᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ ᠪᠥᠬᠥ ᠠᠵᠢᠯᠲᠠᠨ᠎ᠢ ᠵᠣᠬᠢᠶᠠᠨ ᠪᠠᠢ᠌ᠭᠤᠯᠵᠤ 《2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠲᠥᠯᠥᠪᠵᠢᠭᠦᠯᠬᠦ ᠣᠷᠴᠢᠨ ᠲᠣᠭᠣᠷᠢᠨ᠎ᠤ ᠨᠥᠯᠥᠭᠡᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ》᠎ᠳᠤ ᠣᠷᠣᠯᠴᠠᠪᠠ
 
             蒙ICP备05000248号