ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠥᠪᠥᠷ ᠮᠣᠩᠭᠣᠯ᠎ᠤᠨ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ (2021 — 2035 ᠣᠨ) ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠦᠨᠡᠯᠡᠨ ᠵᠢᠱ᠌ᠢᠬᠦ ᠬᠤᠷᠠᠯ᠎ᠢ ᠡᠷᠭᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-05-11

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠢ᠌ᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 2024 ᠣᠨ᠎ᠤ 4 ᠰᠠᠷ᠎ᠠ ᠵᠢᠨ 12᠎ᠤᠨ ᠡᠳᠦᠷ 《ᠥᠪᠥᠷ ᠮᠣᠩᠭᠣᠯ᠎ᠤᠨ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ (2021 — 2035 ᠣᠨ) ᠵᠢᠨ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ》᠎ᠤᠨ ᠮᠡᠷᠭᠡᠵᠢᠯ᠎ᠤᠨ ᠦᠨᠡᠯᠡᠨ ᠵᠢᠱ᠌ᠢᠬᠦ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠲᠣᠰ ᠤᠳᠠᠭ᠋ᠠᠨ᠎ᠤ ᠬᠤᠷᠠᠯ᠎ᠢ ᠲᠧᠩ ᠰᠢᠶᠦ᠋ᠨ ᠰᠦᠯᠵᠢᠶᠡᠨ ᠬᠡᠯᠪᠡᠷᠢ᠎ᠲᠠᠢ ᠤᠶᠠᠯᠳᠤᠭᠤᠯᠤᠨ᠂ ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠥᠪᠥᠷ ᠮᠣᠩᠭᠣᠯ᠎ᠤᠨ ᠺᠠᠢ ᠶᠤᠸᠠᠢ ᠢᠨᠵᠧᠨᠧᠷᠢᠩ᠎ᠤᠨ ᠵᠥᠪᠯᠡᠯᠭᠡ ᠥᠭᠬᠦ ᠬᠢᠵᠠᠭ᠋ᠠᠷᠲᠤ ᠺᠣᠮᠫᠠᠨᠢ ᠵᠢᠴᠢ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠤᠷᠢᠵᠤ ᠲᠣᠰ ᠤᠳᠠᠭ᠋ᠠᠨ᠎ᠤ ᠬᠤᠷᠠᠯ᠎ᠳᠤ ᠣᠷᠣᠯᠴᠠᠭᠤᠯᠵᠠᠢ᠃
      ᠬᠤᠷᠠᠯ ᠳᠡᠭᠡᠷ᠎ᠡ᠂ ᠥᠪᠥᠷ ᠮᠣᠩᠭᠣᠯ᠎ᠤᠨ ᠺᠠᠢ ᠶᠤᠸᠠᠢ ᠢᠨᠵᠧᠨᠧᠷᠢᠩ᠎ᠤᠨ ᠵᠥᠪᠯᠡᠯᠭᠡ ᠥᠭᠬᠦ ᠬᠢᠵᠠᠭ᠋ᠠᠷᠲᠤ ᠺᠣᠮᠫᠠᠨᠢ ᠥᠪᠥᠷ ᠮᠣᠩᠭᠣᠯ᠎ᠤᠨ ᠤᠯᠠᠭ᠋ᠠᠨᠴᠠᠪ᠎ᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ ᠲᠥᠯᠦᠪᠵᠢᠭᠦᠯᠭᠡ ᠵᠢᠨ ᠪᠠᠶ᠋ᠢᠳᠠᠯ᠎ᠢ ᠲᠠᠨᠢᠯᠴᠠᠭᠤᠯᠵᠤ᠂ ᠲᠥᠯᠦᠪᠵᠢᠭᠦᠯᠭᠡ ᠵᠢᠨ ᠬᠡᠪᠴᠢᠶ᠎ᠡ᠂ ᠠᠵᠤ ᠦᠢ᠍ᠯᠡᠰ᠎ᠤᠨ ᠪᠠᠶ᠋ᠢᠷᠢ ᠲᠣᠭᠲᠠᠭ᠋ᠠᠯᠲᠠ᠂ ᠠᠵᠤ ᠦᠢ᠍ᠯᠡᠰ᠎ᠤᠨ ᠪᠠᠢ᠌ᠷᠢᠰᠢᠭᠤᠯᠤᠯᠲᠠ᠂ ᠣᠳᠣᠬᠢ ᠪᠠᠶ᠋ᠢᠳᠠᠯ᠎ᠤᠨ ᠪᠠᠢ᠌ᠴᠠᠭ᠋ᠠᠯᠲᠠ᠂ ᠵᠢᠱ᠌ᠢᠯᠲᠡ ᠦᠨᠡᠯᠡᠯᠲᠡ᠂ ᠰᠢᠯᠢᠳᠡᠭᠵᠢᠭᠦᠯᠦᠨ ᠲᠣᠬᠢᠷᠠᠭᠤᠯᠬᠤ ᠵᠡᠷᠭᠡ ᠲᠠᠯ᠎ᠠ᠎ᠪᠠᠷ 《ᠲᠥᠯᠦᠪᠵᠢᠭᠦᠯᠭᠡ》 ᠵᠢ ᠨᠠᠢ᠌ᠷᠠᠭᠤᠯᠤᠨ ᠵᠣᠬᠢᠶᠠᠬᠤ ᠵᠢᠨ ᠠᠴᠢ ᠬᠣᠯᠪᠣᠭᠳᠠᠯ᠂ ᠴᠢᠬᠤᠯᠠ ᠴᠢᠨᠠᠷ ᠪᠠ ᠲᠤᠯᠭ᠋ᠠᠮ᠎ᠠ ᠴᠢᠨᠠᠷ᠎ᠢ ᠲᠣᠳᠣᠷᠬᠠᠢ᠌ᠯᠠᠨ ᠥᠭᠦᠯᠡᠭᠰᠡᠨ ᠪᠠᠢ᠌ᠨ᠎ᠠ᠃ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠲᠥᠯᠦᠪᠵᠢᠭᠦᠯᠭᠡ ᠵᠢᠨ ᠭᠣᠣᠯ ᠠᠭᠤᠯᠭ᠎ᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠥᠯᠦᠪᠵᠢᠭᠦᠯᠭᠡ ᠵᠢᠨ ᠲᠣᠪᠬᠢᠮᠠᠯ᠂ ᠵᠢᠷᠤᠭ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠬᠢᠨᠠᠨ ᠦᠵᠡᠵᠦ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠨᠠᠢ᠌ᠷᠠᠭᠤᠯᠤᠨ ᠵᠣᠬᠢᠶᠠᠭᠰᠠᠨ ᠨᠢᠭᠡᠴᠢ᠎ᠲᠠᠢ ᠭᠦᠨᠵᠡᠭᠡᠢ ᠰᠣᠯᠢᠯᠴᠠᠵᠤ᠂ ᠭᠦᠢ᠍ᠴᠡᠳ ᠶᠠᠷᠢᠯᠴᠠᠬᠤ ᠪᠠ ᠦᠨᠡᠯᠡᠬᠦ᠎ᠪᠠᠷ ᠳᠠᠮᠵᠢᠨ᠂ ᠬᠢᠨᠠᠨ ᠲᠣᠭᠲᠠᠭ᠋ᠠᠬᠤ ᠳᠤᠭᠤᠢ᠌ᠯᠠᠩ᠎ᠠᠴᠠ ᠲᠥᠯᠦᠪᠵᠢᠭᠦᠯᠭᠡ ᠵᠢᠨ ᠪᠠᠷᠢᠮᠵᠢᠶ᠎ᠠ ᠵᠢ ᠴᠢᠩᠭ᠎ᠠ ᠠᠳᠬᠤᠵᠤ᠂ ᠴᠢᠨᠠᠷ ᠰᠠᠢ᠌ᠲᠠᠢ᠂ ᠴᠢᠩᠭ᠎ᠠ ᠱᠠᠭ᠋ᠠᠷᠳᠠᠯᠭ᠎ᠠ ᠵᠢ ᠪᠠᠷᠢᠮᠲᠠᠯᠠᠵᠤ᠂ ᠲᠥᠯᠦᠪᠵᠢᠭᠦᠯᠭᠡ ᠵᠢᠨ ᠠᠭᠤᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠷᠢᠯᠢᠭᠵᠢᠭᠤᠯᠵᠤ᠂ ᠲᠡᠭᠦᠯᠳᠡᠷᠵᠢᠭᠦᠯᠵᠦ᠂ ᠲᠥᠯᠦᠪᠵᠢᠭᠦᠯᠭᠡ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠡᠰᠡᠭ ᠪᠠᠢ᠌ᠭᠤᠯᠭ᠎ᠠ ᠭᠠᠵᠠᠷ ᠲᠠᠰᠤᠭ᠎ᠤᠨ ᠨᠠᠮ᠎ᠤᠨ ᠡᠭᠦᠷ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠠᠢ᠌ᠬᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠨᠠᠮ᠎ᠤᠨ ᠡᠭᠦᠷ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ 〈ᠶᠡᠬᠡ ᠠᠮᠢ ᠠᠬᠤᠢ〉 ᠵᠢᠨ ᠬᠡᠯᠪᠡᠷᠢ ᠵᠢ ᠬᠤᠪᠢᠷᠠᠭᠤᠯᠬᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 6.5᠎ᠤ ᠣᠷᠴᠢᠨ ᠲᠣᠭᠣᠷᠢᠨ᠎ᠤ ᠡᠳᠦᠷ᠎ᠤᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ》 — ᠪᠣᠬᠢᠷᠲᠤᠯ ᠦᠭᠡᠢ ᠠᠮᠢᠳᠤᠷᠠᠯ᠎ᠢ ᠦᠢ᠍ᠯᠡᠳᠦᠯᠭᠡᠵᠢᠭᠦᠯᠬᠦ᠂ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ᠂ ᠠᠭᠤᠷ ᠠᠮᠢᠰᠬᠤᠯ᠎ᠢ ᠠᠬᠢᠭᠤᠯᠬᠤ ᠠᠵᠢᠯᠯᠠᠭ᠎ᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠠᠬᠢᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ ᠪᠥᠬᠥ ᠠᠵᠢᠯᠲᠠᠨ᠎ᠢ ᠵᠣᠬᠢᠶᠠᠨ ᠪᠠᠢ᠌ᠭᠤᠯᠵᠤ 《2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠲᠥᠯᠥᠪᠵᠢᠭᠦᠯᠬᠦ ᠣᠷᠴᠢᠨ ᠲᠣᠭᠣᠷᠢᠨ᠎ᠤ ᠨᠥᠯᠥᠭᠡᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ》᠎ᠳᠤ ᠣᠷᠣᠯᠴᠠᠪᠠ
 
             蒙ICP备05000248号