2024 ᠣᠨ᠎ᠤ 6 ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠭᠤᠲᠤ ᠬᠣᠲᠠ᠎ᠳᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ》᠎ᠪᠠᠷ ᠭᠣᠣᠯ ᠰᠡᠳᠦᠪ ᠪᠣᠯᠭ᠋ᠠᠭᠰᠠᠨ 2024 ᠣᠨ᠎ᠤ 6 ᠰᠠᠷ᠎ᠠ ᠵᠢᠨ 5᠎ᠤ ᠡᠳᠦᠷ᠎ᠤᠨ ᠠᠵᠢᠯᠯᠠᠭ᠎ᠠ ᠵᠢ ᠬᠠᠮᠲᠤᠷᠠᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠢᠷᠭᠤᠳᠤᠭ᠋ᠠᠷ ᠲᠠᠪᠤᠨ ᠵᠢᠯ᠎ᠤᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠤᠬᠠᠭᠤᠯᠭ᠎ᠠ ᠵᠢᠨ ᠬᠥᠨᠳᠡᠯᠡᠨ ᠪᠢᠴᠢᠭᠡᠰᠦ ᠵᠢ ᠡᠯᠭᠦᠬᠦ᠂ ᠤᠬᠠᠭᠤᠯᠭ᠎ᠠ ᠵᠢᠨ ᠳᠡᠪᠲᠡᠷ ᠵᠢᠴᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠭᠤᠲᠠ ᠲᠠᠷᠬᠠᠭ᠋ᠠᠬᠤ᠂ ᠲᠤᠬᠠᠢ ᠵᠢᠨ ᠲᠠᠯᠠᠪᠤᠷ᠎ᠲᠤ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠬᠠᠮᠢᠶ᠎ᠠ ᠪᠦᠬᠦᠢ ᠮᠡᠳᠡᠯᠭᠡ ᠵᠢ ᠲᠠᠢ᠌ᠯᠪᠤᠷᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ 《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》 《ᠳᠤᠮᠳᠠᠳᠤ ᠤᠯᠤᠰ᠎ᠤᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠣᠷᠣᠯᠠᠭᠤᠯᠬᠤ ᠪᠣᠳᠠᠰ᠎ᠢ ᠲᠠᠨᠢᠯᠴᠠᠭᠤᠯᠬᠤ ᠨᠡᠷᠡᠰ᠎ᠤᠨ ᠵᠢᠭᠰᠠᠭ᠋ᠠᠯᠲᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ ᠵᠢᠴᠢ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠥᠷᠭᠡᠨ ᠵᠶ᠋ᠡᠷ ᠤᠬᠠᠭᠤᠯᠵᠤ᠂ ᠨᠡᠩ ᠤᠯᠠᠨ ᠨᠡᠢ᠌ᠭᠡᠮ᠎ᠤᠨ ᠠᠷᠠᠳ ᠤᠯᠠᠨ᠎ᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠢ ᠦᠢ᠍ᠯᠡᠳᠦᠯᠭᠡᠵᠢᠭᠦᠯᠬᠦ ᠵᠢ ᠵᠣᠷᠢᠭᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠢᠳᠡᠪᠬᠢᠲᠡᠢ ᠣᠷᠣᠯᠴᠠᠨ᠂ ᠠᠭᠤᠷ ᠠᠮᠢᠰᠬᠤᠯ᠎ᠤᠨ ᠠᠵᠢᠯᠯᠠᠭ᠎ᠠ ᠵᠢ ᠠᠬᠢᠭᠤᠯᠵᠤ᠂ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠠᠯᠬᠤᠮ ᠠᠯᠬᠤᠮ ᠵᠶ᠋ᠠᠷ ᠭᠡᠭᠡᠭᠳᠡᠭᠦᠯᠵᠦ᠂ ᠣᠽᠣᠨ᠎ᠤ ᠳᠠᠪᠬᠤᠷᠭ᠎ᠠ ᠵᠢ ᠰᠡᠷᠭᠦᠭᠡᠬᠦ ᠵᠠᠮ᠎ᠳᠤ ᠣᠷᠣᠭᠤᠯᠵᠤ᠂ ᠪᠢᠳᠡᠨ᠎ᠤ ᠲᠦᠰᠢᠭᠯᠡᠨ ᠠᠮᠢᠳᠤᠷᠠᠵᠤ ᠪᠠᠢ᠌ᠭ᠎ᠠ ᠬᠣᠪᠣᠷ ᠨᠠᠨᠳᠢᠨ ᠳᠡᠯᠡᠬᠡᠢ ᠵᠢᠨ ᠪᠥᠮᠪᠥᠷᠴᠡᠭ᠎ᠤᠨ ᠭᠡᠷ ᠣᠷᠣᠨ ᠵᠶ᠋ᠠᠨ ᠰᠠᠬᠢᠨ ᠬᠠᠮᠠᠭ᠋ᠠᠯᠠᠵᠤ ᠪᠤᠢ᠃