ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢᠴᠢ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠬᠠᠮᠢᠶᠠᠷᠤᠯᠲᠠ ᠵᠢᠨ ᠲᠤᠬᠠᠢ᠌ᠯᠠᠭᠰᠠᠨ ᠠᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠬᠡᠭᠰᠢᠯᠡᠬᠦᠯᠬᠦ ᠵᠢᠨ ᠲᠥᠯᠥᠭᠡ᠂ 5 ᠰᠠᠷ᠎ᠠ ᠵᠢᠨ 30᠎ᠤ ᠡᠳᠦᠷ᠎ᠠᠴᠠ 31᠎ᠤ ᠡᠳᠦᠷ ᠪᠣᠯᠲᠠᠯ᠎ᠠ᠂ ᠮᠠᠨ᠎ᠤ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠪᠥᠬᠥ ᠠᠵᠢᠯᠲᠠᠳ 《ᠡᠭᠦᠯᠡᠨ ᠦᠵᠦᠭᠦᠷᠯᠢᠭ᠎ᠤᠨ ᠬᠢᠴᠢᠶᠡᠯ》 《ᠲᠧᠩ ᠰᠢᠶᠦ᠋ᠨ ᠬᠤᠷᠠᠯ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ 2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ᠎ᠳᠤ ᠣᠷᠣᠯᠴᠠᠪᠠ᠃
ᠬᠤᠷᠠᠯ ᠳᠡᠭᠡᠷ᠎ᠡ᠂ ᠲᠤᠰᠬᠠᠢ ᠮᠡᠷᠭᠡᠵᠢᠯᠲᠡᠳ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠭᠣᠷᠢᠭ᠎ᠤᠨ ᠬᠠᠮᠢᠶᠠᠷᠤᠯᠲᠠ ᠡᠵᠡᠮᠳᠡᠯ᠎ᠤᠨ ᠬᠡᠮᠵᠢᠶᠡᠨ᠎ᠤ ᠪᠦᠲᠦᠭᠡᠨ ᠪᠠᠢ᠌ᠭᠤᠯᠤᠯᠲᠠ ᠪᠠ ᠣᠷᠣᠨ ᠨᠤᠲᠤᠭ᠎ᠤᠨ ᠦᠢ᠍ᠯᠡᠳᠦᠯᠭᠡ ᠵᠢᠨ ᠦᠷ᠎ᠡ ᠪᠦᠲᠦᠭᠡᠯ᠎ᠲᠠᠢ ᠤᠶᠠᠯᠳᠤᠭᠤᠯᠤᠨ᠂ 《ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢᠷᠭᠤᠭ᠋ᠠᠨ ᠶᠡᠬᠡ ᠰᠢᠰᠲ᠋ᠧᠮ᠎ᠤᠨ ᠦᠵᠦ ᠲᠥᠯᠥᠪᠯᠡᠭᠡ》 ᠵᠢᠴᠢ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠠᠷᠭ᠎ᠠ》 《ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠬᠠᠮᠢᠶᠠᠷᠤᠯᠲᠠ ᠵᠢ ᠴᠢᠩᠭ᠋ᠠᠳᠬᠠᠵᠤ ᠠᠷᠠᠳ᠎ᠤᠨ ᠬᠡᠷᠡᠭᠯᠡᠭᠡᠨ᠎ᠤ ᠲᠡᠭᠡᠭᠡᠪᠦᠷᠢ ᠵᠢᠨ ᠨᠢᠰᠬᠡᠯ᠎ᠤᠨ ᠪᠠᠭᠤᠳᠠᠯ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠲᠤᠬᠠᠢ ᠮᠡᠳᠡᠭᠳᠡᠯ》᠎ᠳᠤ ᠲᠠᠢ᠌ᠯᠤᠮᠵᠢ ᠬᠢᠵᠡᠢ᠃ ᠠᠮᠢ ᠠᠬᠤᠢ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠪᠠ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠨᠡᠢ᠌ᠲᠡᠯᠢᠭ ᠠᠷᠭ᠎ᠠ ᠬᠢᠳᠡᠯ᠎ᠢ ᠵᠣᠯᠭ᠋ᠠᠭᠤᠯᠵᠤ᠂ ᠨᠡᠭᠦᠷᠡᠰᠦᠨ ᠠᠭᠤᠷᠬᠠᠢ ᠵᠢᠨ ᠣᠷᠣᠨ᠎ᠤ ᠲᠥᠯᠦᠪᠵᠢᠭᠦᠯᠭᠡ ᠵᠢᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠬᠡᠷᠡᠭ᠎ᠤᠨ ᠵᠢᠱ᠌ᠢᠶ᠎ᠡ᠎ᠳᠠᠬᠢ ᠬᠦᠴᠢᠷ ᠲᠦᠪᠡᠭᠲᠡᠢ ᠠᠰᠠᠭᠤᠳᠠᠯ᠎ᠢ ᠶᠠᠷᠢᠯᠴᠠᠬᠤ ᠪᠠ ᠮᠠᠳᠠᠭ᠎ᠲᠠᠢ ᠠᠰᠠᠭᠤᠳᠠᠯ᠎ᠢ ᠲᠠᠢ᠌ᠯᠪᠤᠷᠢᠯᠠᠵᠤ᠂ ᠲᠥᠯᠦᠪᠵᠢᠭᠦᠯᠭᠡ ᠵᠢᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠠᠵᠢᠯ᠎ᠤᠨ ᠵᠢᠷᠦᠮᠵᠢᠯᠲᠡ ᠵᠢ ᠠᠬᠢᠭᠤᠯᠬᠤ᠎ᠳᠤ ᠰᠠᠢ᠍ᠢ᠍ᠨ ᠰᠠᠭᠤᠷᠢ ᠲᠠᠯᠪᠢᠪᠠ᠃