ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠡᠰᠡᠭ ᠪᠠᠢ᠌ᠭᠤᠯᠭ᠎ᠠ ᠭᠠᠵᠠᠷ ᠲᠠᠰᠤᠭ᠎ᠤᠨ ᠨᠠᠮ᠎ᠤᠨ ᠡᠭᠦᠷ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠠᠢ᠌ᠬᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠨᠠᠮ᠎ᠤᠨ ᠡᠭᠦᠷ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ 〈ᠶᠡᠬᠡ ᠠᠮᠢ ᠠᠬᠤᠢ〉 ᠵᠢᠨ ᠬᠡᠯᠪᠡᠷᠢ ᠵᠢ ᠬᠤᠪᠢᠷᠠᠭᠤᠯᠬᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ
ᠨᠡᠶ᠋ᠢᠲᠡᠯᠡᠭᠰᠡᠨ ᠴᠠᠭ᠄ 2024-06-07

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ ᠵᠢᠨ ᠲᠥᠯᠥᠭᠡ᠂ 5 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠭᠠᠵᠠᠷ᠂ ᠬᠥᠷᠥᠰᠥ ᠰᠢᠷᠣᠢ ᠵᠢᠨ ᠠᠮᠢ ᠠᠬᠤᠢ ᠣᠷᠴᠢᠨ ᠲᠣᠭᠣᠷᠢᠨ᠎ᠤ ᠭᠠᠵᠠᠷ᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠ ᠭᠠᠳᠠᠭᠰᠢᠯᠠᠭᠤᠯᠬᠤ ᠵᠢ ᠬᠠᠮᠢᠶᠠᠷᠬᠤ ᠭᠠᠵᠠᠷ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠵᠢᠨ ᠨᠠᠮ᠎ᠤᠨ ᠡᠭᠦᠷ ᠪᠣᠯᠣᠨ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠰᠠᠢ᠌ᠬᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠨᠠᠮ᠎ᠤᠨ ᠡᠭᠦᠷ᠎ᠲᠠᠢ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠵᠤ 〈ᠶᠡᠬᠡ ᠠᠮᠢ ᠠᠬᠤᠢ〉 ᠵᠢᠨ ᠬᠡᠯᠪᠡᠷᠢ ᠵᠢ ᠬᠤᠪᠢᠷᠠᠭᠤᠯᠬᠤ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ᠃
      ᠲᠤᠰ ᠡᠳᠦᠷ᠎ᠤᠨ ᠦᠳᠡ ᠵᠢᠨ ᠡᠮᠦᠨ᠎ᠡ᠂ ᠨᠠᠢ᠌ᠳᠠ 60 ᠭᠠᠷᠤᠢ ᠨᠠᠮ᠎ᠤᠨ ᠭᠡᠰᠢᠭᠦᠨ ᠬᠠᠮᠲᠤ᠎ᠪᠠᠷ ᠵᠦᠩ ᠬᠤᠸᠠᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠵᠶ᠋ᠠᠷ ᠲᠣᠭᠣᠷᠢᠨ ᠦᠵᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠬᠢ ᠣᠯᠭᠣᠬᠤ ᠰᠢᠨ᠎ᠡ ᠵᠢ ᠡᠭᠦᠳᠬᠦ ᠬᠦᠴᠦᠨ᠎ᠢ ᠦᠨᠡᠨᠬᠦ ᠮᠡᠳᠡᠷᠡᠵᠦ᠂ ᠰᠢᠨ᠎ᠡ ᠮᠠᠲ᠋ᠧᠷᠢᠶᠠᠯ ᠪᠣᠯᠣᠨ ᠰᠢᠨ᠎ᠡ ᠡᠨᠧᠷᠭᠢ ᠵᠢᠨ ᠮᠠᠨ᠎ᠤ ᠣᠷᠣᠨ᠎ᠳᠠᠬᠢ ᠢᠷᠡᠭᠡᠳᠦᠢ ᠵᠢᠨ ᠬᠦᠴᠦᠷᠬᠡᠭᠵᠢᠯ ᠪᠤᠵᠠᠭ᠋ᠠᠢ᠌ᠷᠠᠯ ᠪᠣᠯᠣᠨ ᠬᠥᠭᠵᠢᠯᠲᠡ᠎ᠳᠤ ᠢᠲᠡᠭᠡᠯ ᠳᠦᠭᠦᠷᠡᠩ ᠪᠣᠯᠪᠠ᠃ ᠡᠭᠦᠨ᠎ᠤ ᠳᠠᠷᠠᠭ᠎ᠠ᠂ ᠪᠦᠬᠦ ᠨᠠᠮ᠎ᠤᠨ ᠭᠡᠰᠢᠭᠦᠳ ᠬᠠᠮᠲᠤᠪᠠᠷ ᠨᠠᠮ᠎ᠤᠨ ᠪᠠᠢ᠌ᠭᠤᠯᠤᠯᠲᠠ ᠵᠢᠨ ᠬᠣᠯᠪᠣᠭ᠋ᠠᠲᠤ ᠴᠣᠭᠴᠠ᠎ᠳᠤ ᠬᠦᠷᠴᠦ ᠠᠮᠢ ᠠᠬᠤᠢ ᠵᠢᠨ ᠤᠢ ᠵᠢ ᠬᠠᠮᠲᠤᠪᠠᠷ ᠪᠠᠢ᠌ᠭᠤᠯᠵᠤ ᠵᠤᠯᠵᠠᠭ᠎ᠠ ᠮᠣᠳᠣ ᠨᠥᠬᠥᠵᠦ ᠲᠠᠷᠢᠬᠤ᠂ ᠤᠰᠤᠯᠠᠬᠤ᠂ ᠪᠤᠵᠠᠷ ᠡᠪᠡᠰᠦ ᠵᠢ ᠴᠡᠪᠡᠷᠯᠡᠬᠦ ᠵᠡᠷᠭᠡ ᠠᠵᠢᠯᠯᠠᠭ᠎ᠠ ᠥᠷᠨᠢᠭᠦᠯᠵᠡᠢ᠃ ᠦᠳᠡ ᠵᠢᠨ ᠬᠣᠢ᠌ᠨ᠎ᠠ᠂ ᠡᠯ᠎ᠡ ᠨᠠᠮ᠎ᠤᠨ ᠡᠭᠦᠷ ᠬᠠᠮᠲᠤᠷᠠᠨ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ᠎ᠤᠨ ᠬᠥᠮᠥᠨ ᠮᠡᠲᠦ ᠳᠣᠲᠣᠨᠣ》 ᠨᠠᠮ᠎ᠤᠨ ᠪᠠᠢ᠌ᠭᠤᠯᠤᠯᠲᠠ ᠡᠪᠯᠡᠯ᠎ᠤᠨ ᠪᠠᠢ᠌ᠭᠤᠯᠤᠯᠲᠠ ᠵᠢ ᠳᠠᠢ᠌ᠴᠢᠯᠠᠬᠤ ᠠᠵᠢᠯᠯᠠᠭ᠎ᠠ ᠥᠷᠨᠢᠭᠦᠯᠵᠦ᠂ ᠨᠠᠮ᠎ᠤᠨ ᠡᠭᠦᠷ ᠵᠶ᠋ᠡᠷ ᠨᠢᠭᠡᠴᠢ ᠪᠣᠯᠭ᠋ᠠᠨ ᠳᠡᠭᠡᠰᠦ ᠲᠠᠲᠠᠬᠤ ᠤᠷᠤᠯᠳᠤᠭ᠋ᠠᠨ᠂ ᠠᠮᠢ ᠠᠬᠤᠢ ᠣᠷᠴᠢᠨ ᠲᠣᠭᠣᠷᠢᠨ᠎ᠤ ᠮᠡᠳᠡᠯᠭᠡ ᠵᠢᠨ ᠠᠰᠠᠭᠤᠯᠲᠠ ᠬᠠᠷᠢᠭᠤᠯᠲᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠮᠡᠳᠡᠯᠭᠡ ᠵᠢᠨ ᠠᠰᠠᠭᠤᠯᠲᠠ ᠬᠠᠷᠢᠭᠤᠯᠲᠠ ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠮᠡᠳᠡᠯᠭᠡ ᠵᠢᠨ ᠠᠰᠠᠭᠤᠯᠲᠠ ᠬᠠᠷᠢᠭᠤᠯᠲᠠ ᠵᠢ ᠪᠠᠲᠤ ᠪᠡᠬᠢ ᠪᠤᠢ ᠪᠣᠯᠭ᠋ᠠᠵᠤ᠂ ᠪᠦᠬᠦ ᠨᠠᠮ᠎ᠤᠨ ᠭᠡᠰᠢᠭᠦᠳ ᠤᠷᠤᠯᠳᠤᠭ᠋ᠠᠨ᠎ᠤ ᠳᠤᠮᠳᠠ ᠦᠨᠡᠨᠴᠢ᠎ᠪᠠᠷ ᠪᠦᠯᠬᠦᠮᠳᠡᠵᠦ᠂ ᠡᠮᠬᠢ ᠵᠢᠷᠤᠮ᠎ᠲᠠᠢ ᠥᠷᠢᠰᠦᠯᠳᠦᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯᠯᠠᠵᠤ ᠰᠤᠷᠤᠯᠴᠠᠬᠤ ᠡᠷᠴᠢ ᠵᠣᠷᠢᠭ᠎ᠢ ᠪᠦᠲᠦᠮᠵᠢᠲᠡᠢ ᠬᠥᠭᠵᠢᠭᠡᠵᠦ᠂ ᠬᠡᠷᠬᠢᠨ ᠲᠤᠰ ᠪᠡᠶ᠎ᠡ ᠵᠢᠨ ᠠᠵᠢᠯ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠰᠢᠨ᠎ᠡ ᠬᠠᠭᠤᠳᠠᠰᠤ ᠵᠢ ᠪᠢᠴᠢᠭᠯᠡᠬᠦ ᠲᠤᠬᠠᠢ ᠭᠦᠨᠵᠡᠭᠡᠢ ᠪᠣᠳᠣᠯᠬᠢᠯᠠᠵᠠᠢ᠃
      ᠲᠣᠰ ᠤᠳᠠᠭ᠋ᠠᠨ᠎ᠤ ᠨᠠᠮ᠎ᠤᠨ ᠡᠳᠦᠷ᠎ᠤᠨ ᠠᠵᠢᠯᠯᠠᠭ᠎ᠠ᠎ᠨᠢ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠴᠢᠬᠤᠯᠠ ᠦᠢ᠍ᠯᠡᠳᠦᠯ᠎ᠢ ᠳᠣᠪᠣᠶ᠋ᠢᠯᠭ᠋ᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮᠴᠢ ᠴᠢᠨᠠᠷ᠎ᠤᠨ ᠦᠵᠡᠯᠲᠡ ᠵᠢ ᠴᠢᠩᠭ᠋ᠠᠷᠠᠭᠤᠯᠬᠤ ᠵᠢᠨ ᠬᠠᠮᠲᠤ ᠪᠠᠰᠠ ᠠᠵᠢᠯ᠎ᠤᠨ ᠬᠠᠯᠠᠭᠤᠨ ᠰᠡᠳᠬᠢᠯᠭᠡ ᠵᠢ ᠲᠤᠢ᠌ᠯ ᠵᠶ᠋ᠠᠷ ᠬᠥᠭᠵᠢᠭᠡᠨ᠂ ᠨᠠᠮ᠎ᠤᠨ ᠭᠡᠰᠢᠭᠦᠨ ᠺᠠᠳ᠋ᠷᠴᠤᠳ᠎ᠤᠨ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ 《ᠶᠡᠬᠡ ᠠᠮᠢ ᠠᠬᠤᠢ》 ᠵᠢᠨ ᠬᠡᠯᠪᠡᠷᠢ᠎ᠪᠠᠨ ᠬᠤᠪᠢᠷᠠᠭᠤᠯᠬᠤ ᠨᠡᠢ᠌ᠯᠡᠮᠡᠯ ᠬᠦᠴᠦᠨ᠎ᠢ ᠨᠢᠭᠲᠠᠷᠠᠭᠤᠯᠬᠤ᠎ᠳᠤ ᠰᠠᠶ᠋ᠢᠨ ᠰᠠᠭᠤᠷᠢ ᠲᠠᠯᠪᠢᠵᠤ ᠥᠭᠭᠦᠭᠰᠡᠨ ᠪᠠᠢ᠌ᠵᠠᠢ᠃ ᠤᠯᠠᠨ ᠵᠶ᠋ᠠᠷ ᠵᠶ᠋ᠠᠨ᠂ ᠡᠨᠡ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠪᠣᠯ ᠨᠢᠭᠡ ᠤᠳᠠᠭ᠋ᠠᠨ᠎ᠤ ᠭᠦᠨᠵᠡᠭᠡᠢ ᠨᠠᠮᠴᠢ ᠴᠢᠨᠠᠷ᠎ᠤᠨ ᠪᠣᠯᠪᠠᠰᠤᠷᠠᠯ ᠪᠣᠯᠬᠤ᠎ᠪᠠᠷ ᠪᠠᠷᠠᠬᠤ ᠦᠭᠡᠢ ᠪᠠᠰᠠ ᠨᠢᠭᠡ ᠤᠳᠠᠭ᠎ᠠ ᠵᠢᠨ ᠠᠮᠢᠳᠤᠯᠢᠭ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠨ ᠰᠤᠳᠤᠯᠤᠯᠲᠠ ᠪᠠᠢ᠌ᠵᠤ᠂ ᠦᠵᠡᠯ ᠰᠠᠨᠠᠭ᠎ᠠ ᠲᠠᠨᠢᠯᠲᠠ ᠲᠤᠢ᠌ᠯ᠎ᠤᠨ ᠶᠡᠬᠡ᠎ᠪᠠᠷ ᠳᠡᠭᠡᠭᠰᠢᠯᠡᠵᠡᠢ ᠭᠡᠵᠦ ᠰᠠᠨᠠᠯ ᠨᠢᠭᠡᠲᠡᠢ ᠦᠵᠡᠪᠡ᠃ ᠤᠯᠠᠨ ᠵᠶ᠋ᠠᠷ ᠵᠶ᠋ᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠣᠢ᠌ᠯᠠᠭ᠋ᠠᠵᠤ᠂ ᠰᠢᠯᠢᠳᠡᠭ ᠤᠯᠠᠮᠵᠢᠯᠠᠯ ᠵᠶ᠋ᠠᠨ ᠵᠠᠯᠭ᠋ᠠᠮᠵᠢᠯᠠᠵᠤ᠂ ᠨᠠᠮᠴᠢ ᠴᠢᠨᠠᠷ ᠵᠶ᠋ᠠᠨ ᠴᠢᠩᠭ᠋ᠠᠳᠬᠠᠵᠤ᠂ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠬᠠᠷᠠᠭ᠎ᠠ᠎ᠪᠠᠨ ᠥᠷᠭᠡᠳᠬᠡᠵᠦ᠂ ᠦᠢ᠍ᠯᠡᠳᠦᠯᠭᠡ ᠵᠢᠨ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠬᠣᠶᠠᠷ ᠶᠡᠬᠡ ᠶᠠᠪᠤᠳᠠᠯ᠎ᠢ ᠨᠡᠩ ᠰᠠᠢ᠍ᠢ᠍ᠨ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 6.5᠎ᠤ ᠣᠷᠴᠢᠨ ᠲᠣᠭᠣᠷᠢᠨ᠎ᠤ ᠡᠳᠦᠷ᠎ᠤᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ》 — ᠪᠣᠬᠢᠷᠲᠤᠯ ᠦᠭᠡᠢ ᠠᠮᠢᠳᠤᠷᠠᠯ᠎ᠢ ᠦᠢ᠍ᠯᠡᠳᠦᠯᠭᠡᠵᠢᠭᠦᠯᠬᠦ᠂ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ᠂ ᠠᠭᠤᠷ ᠠᠮᠢᠰᠬᠤᠯ᠎ᠢ ᠠᠬᠢᠭᠤᠯᠬᠤ ᠠᠵᠢᠯᠯᠠᠭ᠎ᠠ ᠵᠢᠨ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠠᠬᠢᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ ᠪᠥᠬᠥ ᠠᠵᠢᠯᠲᠠᠨ᠎ᠢ ᠵᠣᠬᠢᠶᠠᠨ ᠪᠠᠢ᠌ᠭᠤᠯᠵᠤ 《2024 ᠣᠨ᠎ᠤ ᠠᠩᠬᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠲᠥᠯᠥᠪᠵᠢᠭᠦᠯᠬᠦ ᠣᠷᠴᠢᠨ ᠲᠣᠭᠣᠷᠢᠨ᠎ᠤ ᠨᠥᠯᠥᠭᠡᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ》᠎ᠳᠤ ᠣᠷᠣᠯᠴᠠᠪᠠ
 
             蒙ICP备05000248号