ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ 2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠣᠯᠪᠠᠰᠤᠷᠠᠯ᠎ᠤᠨ ᠠᠩᠭᠢ ᠲᠡᠭᠦᠰ ᠠᠮᠵᠢᠯᠲᠠ᠎ᠲᠠᠢ ᠥᠨᠳᠥᠷᠯᠡᠪᠡ
ᠨᠡᠶ᠋ᠢᠲᠡᠯᠡᠭᠰᠡᠨ ᠴᠠᠭ᠄ 2024-07-12

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠢ ᠡᠭᠦᠳᠦᠨ ᠪᠠᠢ᠌ᠭᠤᠯᠬᠤ ᠶᠠᠰᠤ ᠴᠢᠨᠠᠷ᠎ᠢ ᠳᠡᠬᠡᠭᠰᠢᠯᠡᠬᠦᠯᠬᠦ ᠵᠢᠨ ᠲᠥᠯᠥᠭᠡ᠂ 2024 ᠣᠨ᠎ᠤ 6 ᠰᠠᠷ᠎ᠠ ᠵᠢᠨ 12᠎ᠤᠨ ᠡᠳᠦᠷ᠎ᠠᠴᠠ 13᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠳᠠᠭ᠋ᠠᠭ᠋ᠠᠴᠢᠯᠠᠨ ᠡᠷᠭᠢᠯᠡᠭᠰᠡᠨ 2024 ᠣᠨ᠎ᠤ ᠬᠣᠶᠠᠳᠤᠭ᠋ᠠᠷ ᠬᠤᠭᠤᠴᠠᠭ᠋ᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠣᠯᠪᠠᠰᠤᠷᠠᠯ᠎ᠤᠨ ᠠᠩᠭᠢ ᠤᠯᠠᠭ᠋ᠠᠨᠬᠣᠲᠠ᠎ᠳᠤ ᠤᠷᠤᠭᠰᠢᠲᠠᠢ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ ᠳ᠋ᠧ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠡᠷᠬᠢᠮᠳᠤ ᠬᠤᠷᠠᠯ᠎ᠳᠤ ᠣᠷᠣᠯᠴᠠᠨ ᠪᠠᠶᠠᠷ᠎ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠨᠢᠭᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠤᠤ ᠹᠦ᠋ ᠴᠢᠤᠸᠠᠨ ᠬᠤᠷᠠᠯ᠎ᠢ ᠡᠷᠬᠢᠯᠡᠪᠡ᠃
      ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ 5 ᠠᠶ᠋ᠢᠮᠠᠭ ᠬᠣᠲᠠ ᠵᠢᠨ ᠠᠮᠢ ᠠᠬᠤᠢ  ᠣᠷᠴᠢᠨ ᠲᠣᠭᠣᠷᠢᠨ᠎ᠤ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠢ᠌ᠭ᠎ᠠ ᠨᠥᠬᠥᠳ ᠪᠣᠯᠣᠨ ᠬᠠᠷᠠᠭ᠋ᠠᠯᠵᠠᠭᠰᠠᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠡᠭᠦᠳᠦᠨ ᠪᠠᠢ᠌ᠭᠤᠯᠬᠤ ᠠᠵᠢᠯ᠎ᠢ ᠢᠳᠡᠪᠬᠢᠲᠡᠢ ᠥᠷᠨᠢᠭᠦᠯᠵᠦ ᠪᠠᠢ᠌ᠭ᠎ᠠ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠵᠡᠷᠭᠡ ᠨᠠᠢ᠌ᠳᠠ 100 ᠰᠢᠬᠠᠮ ᠬᠥᠮᠥᠨ ᠲᠣᠰ ᠤᠳᠠᠭ᠋ᠠᠨ᠎ᠤ ᠪᠣᠯᠪᠠᠰᠤᠷᠠᠯ᠎ᠳᠤ ᠣᠷᠣᠯᠴᠠᠵᠠᠢ᠃
      ᠲᠣᠰ ᠤᠳᠠᠭ᠋ᠠᠨ᠎ᠤ ᠪᠣᠯᠪᠠᠰᠤᠷᠠᠯ᠎ᠢ ᠲᠥᠪᠯᠡᠷᠡᠭᠦᠯᠦᠨ ᠬᠢᠴᠢᠶᠡᠯᠯᠡᠬᠦ᠂ ᠰᠣᠯᠢᠯᠴᠠᠨ ᠰᠤᠳᠤᠯᠤᠨ ᠶᠠᠷᠢᠯᠴᠠᠬᠤ ᠪᠠ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠪᠠ᠃ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠤᠰᠬᠠᠢ ᠮᠡᠷᠭᠡᠵᠢᠯᠲᠡᠨ᠎ᠢ ᠤᠷᠢᠵᠤ᠂ ᠲᠤᠰ ᠲᠤᠰ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠢ ᠨᠠᠢ᠌ᠷᠠᠭᠤᠯᠤᠨ ᠵᠣᠬᠢᠶᠠᠬᠤ ᠭᠣᠣᠯᠳᠠᠯᠭ᠎ᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠭᠣᠣᠯᠳᠠᠯᠭ᠎ᠠ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠬᠢᠭᠡᠳ 《ᠬᠣᠶᠠᠷ ᠠᠭᠤᠯᠠ》 ᠵᠢᠨ ᠰᠠᠭᠤᠷᠢᠨ ᠭᠠᠵᠠᠷ᠎ᠤᠨ ᠳᠠᠬᠢᠨ ᠬᠢᠨᠠᠵᠤ ᠦᠨᠡᠯᠡᠨ ᠵᠢᠱ᠌ᠢᠬᠦ ᠮᠡᠷᠭᠡᠵᠢᠯ᠎ᠤᠨ ᠭᠣᠣᠯᠳᠠᠯᠭ᠎ᠠ ᠵᠢᠴᠢ ᠲᠠᠪᠴᠠᠩ᠎ᠤᠨ ᠲᠠᠭᠯᠠᠨ ᠮᠡᠳᠡᠭᠦᠯᠬᠦ ᠭᠣᠣᠯᠳᠠᠯᠭ᠎ᠠ ᠵᠡᠷᠭᠡ ᠠᠭᠤᠯᠭ᠎ᠠ ᠵᠢᠨ ᠲᠣᠭᠣᠷᠢᠨ᠎ᠳᠤ ᠰᠤᠷᠤᠯᠭ᠋ᠠᠲᠠᠳ᠎ᠲᠤ ᠭᠣᠢ᠌ᠳᠠ ᠰᠠᠢ᠌ᠬᠠᠨ ᠬᠢᠴᠢᠶᠡᠯᠯᠡᠭᠰᠡᠨ ᠪᠠᠢ᠌ᠨ᠎ᠠ᠃ ᠪᠣᠯᠪᠠᠰᠤᠷᠠᠯ᠎ᠤᠨ ᠬᠤᠭᠤᠴᠠᠭ᠋ᠠᠨ᠎ᠳᠤ ᠪᠠᠰᠠ  ᠰᠤᠷᠤᠯᠭ᠋ᠠᠲᠠᠳ᠎ᠢ ᠵᠣᠬᠢᠶᠠᠨ ᠪᠠᠢ᠌ᠭᠤᠯᠵᠤ ᠪᠠᠶ᠋ᠢᠭ᠋ᠠᠳ ᠬᠢᠩᠭ᠋ᠠᠨ ᠠᠶ᠋ᠢᠮᠠᠭ᠎ᠤᠨ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠪᠡᠬᠢᠵᠢᠭᠦᠯᠬᠦ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠤᠭᠰᠠᠨ ᠲᠡᠷᠢᠭᠦᠨ᠎ᠤ ᠠᠷᠭ᠎ᠠ ᠬᠢᠳᠡᠯ ᠲᠤᠷᠰᠢᠯᠭ᠎ᠠ ᠵᠢ ᠪᠣᠳᠠᠲᠠᠢ ᠭᠠᠵᠠᠷ᠎ᠲᠤᠨᠢ ᠰᠤᠷᠤᠯᠴᠠᠪᠠ᠃ ᠲᠣᠰ ᠤᠳᠠᠭ᠋ᠠᠨ᠎ᠤ ᠪᠤᠯᠪᠠᠰᠤᠷᠠᠯ ᠵᠶ᠋ᠠᠷ ᠳᠡᠮᠵᠢᠨ᠂ ᠰᠤᠷᠤᠭᠴᠢᠳ᠎ᠤᠨ ᠠᠵᠢᠯ᠎ᠤᠨ ᠲᠠᠨᠢᠨ ᠮᠡᠳᠡᠬᠦᠢ ᠵᠢᠨ ᠬᠢᠷᠢ ᠲᠦᠪᠰᠢᠨ ᠪᠠ ᠮᠡᠷᠭᠡᠵᠢᠯ᠎ᠤᠨ ᠴᠢᠳᠠᠪᠤᠷᠢ ᠵᠢᠨ ᠬᠢᠷᠢ ᠬᠡᠮᠵᠢᠶ᠎ᠡ ᠵᠢ ᠲᠤᠢ᠌ᠯ᠎ᠤᠨ ᠶᠡᠬᠡ᠎ᠪᠠᠷ ᠳᠡᠭᠡᠭᠰᠢᠯᠡᠭᠦᠯᠦᠭᠰᠡᠨ ᠪᠥᠭᠡᠳ ᠬᠣᠶ᠋ᠢᠰᠢᠳᠠ ᠵᠢᠨ ᠠᠵᠢᠯ ᠵᠶ᠋ᠠᠨ ᠥᠷᠨᠢᠭᠦᠯᠬᠦ᠎ᠳᠤ ᠯᠠᠪᠳᠠᠭᠤᠨ ᠪᠠᠲᠤᠲᠠᠢ ᠤᠨᠤᠯ᠎ᠤᠨ ᠰᠠᠭᠤᠷᠢ ᠵᠢ ᠲᠠᠯᠪᠢᠭᠰᠠᠨ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠤᠵᠢ ᠵᠢᠨ ᠱᠠᠲᠤᠨ᠎ᠤ ᠠᠵᠢᠯᠯᠠᠬᠤ ᠳᠤᠭᠤᠢ᠌ᠯᠠᠩ ᠬᠠᠲᠤᠨ ᠭᠣᠣᠯ᠎ᠤᠨ ᠬᠠᠮᠲᠤᠷᠠᠭᠰᠠᠨ ᠰᠤᠳᠤᠯᠭ᠋ᠠᠨ (ᠨᠢᠭᠡᠳᠦᠭᠡᠷ ᠬᠤᠭᠤᠴᠠᠭ᠎ᠠ)᠎ᠤ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ ᠬᠤᠷᠠᠯᠳᠤᠭᠤᠯᠵᠤ ᠴᠡᠭ᠎ᠲᠤ ᠰᠠᠭᠤᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠯᠠᠪᠳᠠᠭᠤᠨ ᠵᠶ᠋ᠠᠷ ᠠᠬᠢᠭᠤᠯᠪᠠ
《ᠰᠢᠨ᠎ᠡ ᠴᠠᠭ ᠦᠶ᠎ᠡ ᠵᠢ ᠮᠠᠭᠲᠠᠨ ᠰᠠᠢ᠌ᠰᠢᠶᠠᠵᠤ ᠡᠷᠡᠮᠡᠬᠡᠢ᠌ᠯᠡᠨ ᠤᠷᠤᠭᠰᠢᠯᠠᠵᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠦᠨ᠎ᠡ》 — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠨᠠᠮ᠎ᠤᠨ ᠠᠴᠢ᠎ᠳᠤ ᠲᠠᠯᠠᠷᠬᠠᠵᠤ᠂ ᠨᠢᠭᠲᠠᠷᠠᠯ᠎ᠤᠨ ᠬᠦᠴᠦᠨ᠎ᠢ ᠨᠡᠮᠡᠭᠳᠡᠭᠦᠯᠦᠨ᠂ ᠲᠤᠯᠤᠭ᠋ᠠᠨ ᠰᠠᠷ᠎ᠠ ᠵᠢᠨ ᠨᠢᠭᠡᠨ᠎ᠢ ᠪᠡᠯᠭᠡᠯᠡᠬᠦ》 ᠰᠣᠩᠭᠣᠳᠠᠭ ᠵᠣᠬᠢᠶᠠᠯ᠎ᠢ ᠤᠩᠰᠢᠬᠤ ᠠᠵᠢᠯᠯᠠᠭ᠎ᠠ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠨᠢᠭᠡᠳᠦᠭᠡᠷ ᠬᠤᠭᠤᠴᠠᠭ᠋ᠠᠨ᠎ᠤ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠰᠢᠭᠰᠢᠭᠳᠡᠭᠦᠯᠬᠦ ᠬᠠᠮᠢᠶᠠᠷᠤᠯᠲᠠ ᠵᠢᠨ ᠪᠤᠯᠪᠠᠰᠤᠷᠠᠯ᠎ᠢ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠠᠵᠢᠯᠲᠠᠨ ᠲᠣᠮᠢᠯᠠᠨ ᠭᠤᠸᠠᠩᠳᠦ᠋ᠩ ᠮᠤᠵᠢ᠎ᠳᠤ ᠪᠠᠢ᠌ᠴᠠᠭ᠋ᠠᠨ ᠰᠤᠳᠤᠯᠤᠯᠲᠠ ᠬᠢᠪᠡ
ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ ᠤᠷᠤᠭᠰᠢᠲᠠᠢ ᠶᠠᠪᠤᠭᠳᠠᠪᠠ
 
             蒙ICP备05000248号