ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠤᠵᠢ ᠵᠢᠨ ᠱᠠᠲᠤᠨ᠎ᠤ ᠠᠵᠢᠯᠯᠠᠬᠤ ᠳᠤᠭᠤᠢ᠌ᠯᠠᠩ ᠬᠠᠲᠤᠨ ᠭᠣᠣᠯ᠎ᠤᠨ ᠬᠠᠮᠲᠤᠷᠠᠭᠰᠠᠨ ᠰᠤᠳᠤᠯᠭ᠋ᠠᠨ (ᠨᠢᠭᠡᠳᠦᠭᠡᠷ ᠬᠤᠭᠤᠴᠠᠭ᠎ᠠ)᠎ᠤ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ ᠬᠤᠷᠠᠯᠳᠤᠭᠤᠯᠵᠤ ᠴᠡᠭ᠎ᠲᠤ ᠰᠠᠭᠤᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠯᠠᠪᠳᠠᠭᠤᠨ ᠵᠶ᠋ᠠᠷ ᠠᠬᠢᠭᠤᠯᠪᠠ
ᠨᠡᠶ᠋ᠢᠲᠡᠯᠡᠭᠰᠡᠨ ᠴᠠᠭ᠄ 2024-07-23

      ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠬᠠᠮᠲᠤᠷᠠᠭᠰᠠᠨ ᠰᠤᠳᠤᠯᠭ᠋ᠠᠨ᠎ᠤ ᠲᠥᠪ᠎ᠤᠨ 《ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢᠨ ᠬᠠᠮᠲᠤᠷᠠᠭᠰᠠᠨ ᠰᠤᠳᠤᠯᠭ᠋ᠠᠨ (ᠨᠢᠭᠡᠳᠦᠭᠡᠷ ᠬᠤᠭᠤᠴᠠᠭ᠎ᠠ)᠎ᠤ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ  ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠭ᠎ᠲᠤ ᠰᠠᠭᠤᠭ᠎ᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠠᠰᠠᠯᠲᠠ ᠵᠢᠨ ᠪᠣᠭᠣᠮᠲᠠ ᠰᠢᠪᠲᠤᠯᠬᠤ 《ᠨᠢᠭᠡ ᠬᠣᠲᠠ ᠨᠢᠭᠡ ᠪᠣᠳᠣᠯᠭ᠎ᠠ》 ᠵᠢᠨ ᠶᠡᠷᠦᠩᠬᠡᠢ᠌ᠯᠡᠨ ᠰᠢᠢ᠍ᠳᠪᠦᠷᠢᠯᠡᠬᠦ ᠲᠥᠰᠥᠯ᠎ᠤᠨ ᠲᠥᠷᠥᠯ ᠵᠦᠢ᠍ᠯ᠎ᠤᠨ ᠠᠬᠢᠴᠠ ᠵᠢ ᠲᠦᠷᠭᠡᠳᠬᠡᠨ ᠠᠬᠢᠭᠤᠯᠬᠤ ᠵᠢᠨ ᠲᠥᠯᠥᠭᠡ᠂ 2024 ᠣᠨ᠎ᠤ 6 ᠰᠠᠷ᠎ᠠ ᠵᠢᠨ 25᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠵᠠᠷ ᠬᠢᠭᠡᠳ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠬᠠᠮᠲᠤᠪᠠᠷ ᠬᠠᠲᠤᠨ ᠭᠣᠣᠯ᠎ᠤᠨ ᠬᠠᠮᠲᠤᠷᠠᠭᠰᠠᠨ ᠰᠤᠳᠤᠯᠭ᠋ᠠᠨ (ᠨᠢᠭᠡᠳᠦᠭᠡᠷ ᠬᠤᠭᠤᠴᠠᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠨᠢᠭᠡ ᠬᠣᠲᠠ ᠨᠢᠭᠡ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠪᠰᠤᠷᠤᠨ ᠲᠡᠳᠬᠦᠬᠦ ᠠᠵᠢᠯ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠬᠠᠳᠤᠨ ᠭᠣᠣᠯ᠎ᠤᠨ ᠲᠥᠪ᠂ ᠦᠨᠡᠯᠡᠨ ᠶᠠᠷᠢᠯᠴᠠᠬᠤ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠂ ᠡᠯ᠎ᠡ ᠴᠡᠭ᠎ᠲᠤ ᠰᠠᠭᠤᠭ᠎ᠠ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠣᠯᠣᠨ ᠡᠯ᠎ᠡ ᠬᠤᠳᠠ ᠵᠢᠨ ᠠᠵᠢᠯᠯᠠᠬᠤ ᠳᠤᠭᠤᠢ᠌ᠯᠠᠩ ᠵᠡᠷᠭᠡ 70 ᠭᠠᠷᠤᠢ ᠬᠥᠮᠥᠨ ᠲᠤᠰ ᠲᠤᠰ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠰᠢᠨ᠎ᠡ ᠴᠠᠭ ᠦᠶ᠎ᠡ ᠵᠢ ᠮᠠᠭᠲᠠᠨ ᠰᠠᠢ᠌ᠰᠢᠶᠠᠵᠤ ᠡᠷᠡᠮᠡᠬᠡᠢ᠌ᠯᠡᠨ ᠤᠷᠤᠭᠰᠢᠯᠠᠵᠤ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠦᠨ᠎ᠡ》 — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ 《ᠨᠠᠮ᠎ᠤᠨ ᠠᠴᠢ᠎ᠳᠤ ᠲᠠᠯᠠᠷᠬᠠᠵᠤ᠂ ᠨᠢᠭᠲᠠᠷᠠᠯ᠎ᠤᠨ ᠬᠦᠴᠦᠨ᠎ᠢ ᠨᠡᠮᠡᠭᠳᠡᠭᠦᠯᠦᠨ᠂ ᠲᠤᠯᠤᠭ᠋ᠠᠨ ᠰᠠᠷ᠎ᠠ ᠵᠢᠨ ᠨᠢᠭᠡᠨ᠎ᠢ ᠪᠡᠯᠭᠡᠯᠡᠬᠦ》 ᠰᠣᠩᠭᠣᠳᠠᠭ ᠵᠣᠬᠢᠶᠠᠯ᠎ᠢ ᠤᠩᠰᠢᠬᠤ ᠠᠵᠢᠯᠯᠠᠭ᠎ᠠ ᠥᠷᠨᠢᠭᠦᠯᠵᠡᠢ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠨᠢᠭᠡᠳᠦᠭᠡᠷ ᠬᠤᠭᠤᠴᠠᠭ᠋ᠠᠨ᠎ᠤ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠰᠢᠭᠰᠢᠭᠳᠡᠭᠦᠯᠬᠦ ᠬᠠᠮᠢᠶᠠᠷᠤᠯᠲᠠ ᠵᠢᠨ ᠪᠤᠯᠪᠠᠰᠤᠷᠠᠯ᠎ᠢ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠠᠵᠢᠯᠲᠠᠨ ᠲᠣᠮᠢᠯᠠᠨ ᠭᠤᠸᠠᠩᠳᠦ᠋ᠩ ᠮᠤᠵᠢ᠎ᠳᠤ ᠪᠠᠢ᠌ᠴᠠᠭ᠋ᠠᠨ ᠰᠤᠳᠤᠯᠤᠯᠲᠠ ᠬᠢᠪᠡ
ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ ᠤᠷᠤᠭᠰᠢᠲᠠᠢ ᠶᠠᠪᠤᠭᠳᠠᠪᠠ
ᠪᠦᠬᠦ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠬᠤ ᠪᠤᠯᠪᠠᠰᠤᠷᠠᠯ᠎ᠤᠨ ᠠᠩᠭᠢ ᠵᠢ ᠤᠷᠤᠭᠰᠢᠲᠠᠢ ᠡᠷᠬᠢᠯᠡᠪᠡ
 
             蒙ICP备05000248号