ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠨᠢᠭᠡᠳᠦᠭᠡᠷ ᠬᠤᠭᠤᠴᠠᠭ᠋ᠠᠨ᠎ᠤ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠰᠢᠭᠰᠢᠭᠳᠡᠭᠦᠯᠬᠦ ᠬᠠᠮᠢᠶᠠᠷᠤᠯᠲᠠ ᠵᠢᠨ ᠪᠤᠯᠪᠠᠰᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2024-08-19

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠳᠠᠭ᠋ᠠᠭ᠋ᠠᠴᠢᠯᠠᠨ ᠡᠷᠭᠢᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠨᠢᠭᠡᠳᠦᠭᠡᠷ ᠬᠤᠭᠤᠴᠠᠭ᠋ᠠᠨ᠎ᠤ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠰᠢᠭᠰᠢᠭᠳᠡᠭᠦᠯᠬᠦ ᠬᠠᠮᠢᠶᠠᠷᠤᠯᠲᠠ ᠵᠢᠨ ᠪᠣᠯᠪᠠᠰᠤᠷᠠᠯ᠎ᠤᠨ ᠠᠩᠭᠢ》 ᠬᠥᠬᠡᠬᠣᠲᠠ᠎ᠳᠤ ᠶᠠᠪᠤᠭᠳᠠᠪᠠ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ODS ᠰᠢᠭᠰᠢᠭᠳᠡᠭᠦᠯᠬᠦ ᠬᠠᠮᠢᠶᠠᠷᠤᠯᠲᠠ ᠵᠢᠨ ᠠᠵᠢᠯᠲᠠᠨ ᠵᠢᠴᠢ ODS ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ ᠪᠠ ᠲᠤᠬᠠᠢ᠌ᠯᠠᠭᠰᠠᠨ ᠠᠵᠢᠯ᠎ᠤᠨ ᠠᠵᠢᠯᠲᠠᠨ 60 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃
      ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠪᠣᠯᠪᠠᠰᠤᠷᠠᠯ᠎ᠤᠨ ᠠᠩᠭᠢ᠎ᠳᠤ ᠣᠷᠣᠯᠴᠠᠬᠤ ᠵᠢᠨ ᠬᠠᠮᠲᠤ ᠠᠩᠭᠢ ᠡᠬᠢᠯᠡᠬᠦ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠤᠰᠤᠲᠥ᠋ᠷᠥᠭᠴᠢ ᠹᠯᠣᠷ ᠨᠡᠭᠦᠷᠡᠰᠦᠲᠥ᠋ᠷᠥᠭᠴᠢᠲᠦ ᠨᠢᠭᠡᠳᠪᠦᠷᠢ (HFCs) ᠵᠡᠷᠭᠡ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠭᠡᠭᠡᠭᠳᠡᠭᠦᠯᠬᠦ ᠪᠠ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠤᠯᠠᠨ ᠤᠯᠤᠰ᠎ᠤᠨ ᠨᠠᠢ᠌ᠳᠠ ᠵᠢᠨ ᠭᠡᠷ᠎ᠡ ᠵᠢ ᠭᠦᠢ᠍ᠴᠡᠳᠬᠡᠬᠦ ᠤᠬᠠᠮᠰᠠᠷ᠎ᠢ ᠴᠢᠩᠭ᠋ᠠᠳᠬᠠᠵᠤ᠂ ᠬᠢᠨᠠᠨ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠦᠨ᠂ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠨᠠᠷᠢᠯᠢᠭ ᠣᠨᠣᠴᠠᠲᠠᠢ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃ ᠡᠯ᠎ᠡ ᠠᠶ᠋ᠢᠮᠠᠭ ᠬᠣᠲᠠ᠎ᠨᠤᠭᠤᠳ ᠬᠠᠷᠢᠶ᠎ᠠ ᠣᠷᠣᠨ᠎ᠤ ᠳᠣᠲᠣᠷᠠᠬᠢ ᠠᠵᠤ ᠠᠬᠤᠢ᠌ᠯᠠᠯ᠎ᠤᠨ ᠪᠠᠶ᠋ᠢᠳᠠᠯ᠎ᠢ ᠣᠢ᠌ᠯᠠᠭ᠋ᠠᠨ ᠵᠢᠭᠰᠠᠭ᠋ᠠᠨ ᠪᠠᠢ᠌ᠴᠠᠭ᠋ᠠᠵᠤ᠂ ODS ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠂ ᠬᠢᠨᠠᠯᠲᠠ ᠲᠠᠯᠪᠢᠵᠤ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠤᠬᠠᠭᠤᠯᠭ᠎ᠠ ᠬᠥᠮᠦᠵᠢᠯ ᠪᠠ ᠲᠤᠬᠠᠢ ᠵᠢᠨ ᠲᠠᠯᠠᠪᠤᠷ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠨ᠂ 《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠢ ᠤᠬᠠᠭᠤᠯᠤᠨ ᠲᠤᠭᠤᠰᠢᠯᠠᠭᠤᠯᠬᠤ ᠵᠢ ᠠᠬᠢᠭᠤᠯᠵᠤ᠂ ᠨᠡᠢ᠌ᠭᠡᠮ᠎ᠤᠨ ᠬᠠᠮᠲᠤ ᠵᠢᠨ ᠲᠠᠨᠢᠯᠲᠠ ᠵᠢ ᠪᠤᠢ ᠪᠣᠯᠭ᠋ᠠᠵᠤ᠂ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠠᠵᠢᠯ᠎ᠢ ᠬᠠᠮᠲᠤᠪᠠᠷ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠪᠣᠯᠪᠠᠰᠤᠷᠠᠯ᠎ᠤᠨ ᠠᠩᠭᠢ᠎ᠨᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠭᠠᠳᠠᠭ᠋ᠠᠳᠤ᠎ᠯᠤᠭ᠎ᠠ ᠵᠢᠨ ᠬᠠᠮᠲᠤᠷᠠᠯᠴᠠᠭ᠎ᠠ ᠪᠠ ᠰᠣᠯᠢᠯᠴᠠᠭ᠋ᠠᠨ᠎ᠤ ᠲᠥᠪ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠂ ᠵᠧᠵᠢᠶᠠᠩ ᠶᠡᠬᠡ ᠰᠤᠷᠭ᠋ᠠᠭᠤᠯᠢ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠨ ᠬᠢᠴᠢᠶᠡᠯ ᠣᠷᠣᠭᠤᠯᠵᠤ᠂ 《ᠮᠣᠨᠲᠷᠧᠶᠠᠯ᠎ᠤᠨ ᠵᠥᠪᠯᠡᠨ ᠲᠣᠭᠲᠠᠭ᠋ᠠᠭᠰᠠᠨ ᠪᠢᠴᠢᠭ》᠎ᠤᠨ ᠭᠡᠷ᠎ᠡ ᠵᠢ ᠭᠦᠢ᠍ᠴᠡᠳᠬᠡᠭᠰᠡᠨ ᠪᠠᠶ᠋ᠢᠳᠠᠯ ᠪᠠ ᠬᠠᠮᠢᠶᠠᠷᠤᠯᠲᠠ ᠵᠢᠨ ᠱᠠᠭ᠋ᠠᠷᠳᠠᠯᠭ᠎ᠠ᠂ ODS ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠂ ODS ᠰᠢᠭᠰᠢᠭᠳᠡᠭᠦᠯᠦᠭᠰᠡᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠳᠠᠯ ᠵᠢᠴᠢ ᠬᠣᠯᠪᠣᠭᠳᠠᠯ ᠪᠦᠬᠦᠢ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠨ ᠭᠡᠷ᠎ᠡ ᠵᠢ ᠭᠦᠢ᠍ᠴᠡᠳᠬᠡᠭᠰᠡᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢᠴᠢ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠢ ᠭᠦᠨᠵᠡᠭᠡᠢ ᠲᠠᠢ᠌ᠯᠪᠤᠷᠢᠯᠠᠯᠲᠠ ᠬᠢᠵᠦ ᠰᠤᠳᠤᠯᠤᠨ ᠶᠠᠷᠢᠯᠴᠠᠪᠠ᠃
      ᠲᠣᠰ ᠤᠳᠠᠭ᠋ᠠᠨ᠎ᠤ ᠪᠣᠯᠪᠠᠰᠤᠷᠠᠯ᠎ᠨᠢ ᠪᠣᠯᠪᠠᠰᠤᠷᠠᠯ᠎ᠳᠤ ᠣᠷᠣᠯᠴᠠᠭᠰᠠᠨ ᠰᠤᠷᠤᠯᠭ᠋ᠠᠲᠠᠳ᠎ᠲᠤ ᠰᠠᠶ᠋ᠢᠨ ᠰᠠᠢ᠌ᠬᠠᠨ ᠰᠤᠷᠤᠯᠴᠠᠬᠤ ᠲᠣᠬᠢᠶᠠᠯ ᠣᠯᠭᠣᠵᠠᠢ᠂ ᠤᠯᠠᠨ ᠵᠶ᠋ᠠᠷ ᠵᠶ᠋ᠠᠨ ᠤᠯᠤᠰ᠎ᠤᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠭᠡᠭᠡᠭᠳᠡᠭᠦᠯᠬᠦ ᠪᠠᠶ᠋ᠢᠳᠠᠯ ᠡᠭᠦᠷᠭᠡ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢᠨ ᠲᠤᠬᠠᠢ ᠨᠠᠩ ᠭᠦᠨᠵᠡᠭᠡᠢ ᠣᠢ᠌ᠯᠠᠭ᠋ᠠᠯᠲᠠ᠎ᠲᠠᠢ ᠪᠣᠯᠵᠤ᠂ ᠬᠢᠴᠢᠶᠡᠯ᠎ᠤᠨ ᠲᠣᠬᠢᠷᠠᠭᠤᠯᠤᠯᠲᠠ᠎ᠨᠢ ᠵᠦᠢ ᠵᠣᠬᠢᠰᠲᠠᠢ᠂ ᠠᠭᠤᠯᠭ᠎ᠠ᠎ᠨᠢ ᠨᠠᠷᠢᠨ ᠪᠣᠳᠠᠲᠠᠢ ᠪᠠᠢ᠌ᠵᠤ᠂ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠭᠡᠭᠡᠭᠳᠡᠭᠦᠯᠬᠦ ᠠᠵᠢᠯ᠎ᠢ ᠪᠦᠲᠦᠮᠵᠢᠲᠡᠢ ᠥᠷᠨᠢᠭᠦᠯᠬᠦ᠎ᠳᠤ ᠮᠠᠰᠢ ᠴᠢᠩᠭ᠎ᠠ ᠬᠠᠨᠳᠤᠯᠭ᠋ᠠᠲᠤ ᠴᠢᠨᠠᠷ᠂ ᠵᠢᠯᠤᠭᠣᠳᠬᠤ ᠴᠢᠨᠠᠷ ᠪᠠ ᠬᠡᠷᠡᠭᠯᠡᠭᠡᠨ᠎ᠤ ᠴᠢᠨᠠᠷ᠎ᠲᠠᠢ ᠪᠠᠢ᠌ᠨ᠎ᠠ ᠭᠡᠵᠦ ᠤᠯᠠᠨ ᠵᠶ᠋ᠠᠷ ᠵᠶ᠋ᠡᠨ ᠢᠯᠡᠳᠬᠡᠵᠦ ᠪᠠᠢ᠌ᠯ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠠᠵᠢᠯᠲᠠᠨ ᠲᠣᠮᠢᠯᠠᠨ ᠭᠤᠸᠠᠩᠳᠦ᠋ᠩ ᠮᠤᠵᠢ᠎ᠳᠤ ᠪᠠᠢ᠌ᠴᠠᠭ᠋ᠠᠨ ᠰᠤᠳᠤᠯᠤᠯᠲᠠ ᠬᠢᠪᠡ
ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ ᠤᠷᠤᠭᠰᠢᠲᠠᠢ ᠶᠠᠪᠤᠭᠳᠠᠪᠠ
ᠪᠦᠬᠦ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠬᠤ ᠪᠤᠯᠪᠠᠰᠤᠷᠠᠯ᠎ᠤᠨ ᠠᠩᠭᠢ ᠵᠢ ᠤᠷᠤᠭᠰᠢᠲᠠᠢ ᠡᠷᠬᠢᠯᠡᠪᠡ
ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠠᠵᠢᠯ ᠤᠯᠤᠰ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠤᠷᠤᠭᠰᠢᠲᠠᠢ ᠥᠩᠭᠡᠷᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠬᠠᠮᠲᠤᠷᠠᠨ ᠰᠤᠳᠤᠯᠬᠤ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠮᠤᠵᠢ ᠵᠢᠨ ᠱᠠᠲᠤᠨ᠎ᠤ ᠠᠵᠢᠯ᠎ᠤᠨ ᠳᠤᠭᠤᠢ᠌ᠯᠠᠩ ᠴᠡᠭ᠎ᠲᠤ ᠰᠠᠭᠤᠭ᠎ᠠ ᠲᠠᠪᠤᠨ ᠬᠣᠲᠠ᠎ᠳᠤ ᠬᠦᠷᠴᠦ ᠲᠤᠬᠠᠢ ᠵᠢᠨ ᠲᠠᠯᠠᠪᠤᠷ᠎ᠲᠤ ᠵᠢᠭ᠋ᠠᠨ ᠵᠢᠯᠤᠭᠣᠳᠴᠤ ᠬᠠᠪᠰᠤᠷᠤᠨ ᠲᠡᠳᠬᠦᠬᠦ ᠠᠵᠢᠯ ᠥᠷᠨᠢᠭᠦᠯᠪᠡ
 
             蒙ICP备05000248号