ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 103 ᠵᠢᠯ᠎ᠤᠨ ᠤᠢ ᠵᠢ ᠦᠪᠡᠳᠡᠭᠰᠢ ᠶᠡᠬᠡ᠎ᠪᠠᠷ ᠪᠡᠯᠭᠡᠯᠡᠵᠦ᠂ ᠨᠠᠮ᠎ᠤᠨ ᠨᠢᠭᠲᠠᠷᠠᠯ᠎ᠤᠨ ᠬᠦᠴᠦᠨ ᠪᠣᠯᠣᠨ ᠲᠥᠪᠯᠡᠩᠭᠦᠢ ᠬᠦᠴᠦᠨ᠎ᠢ ᠴᠢᠩᠭ᠋ᠠᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ᠎ᠤᠨ᠎ᠬᠢᠨ ᠵᠠᠯᠠᠭᠤᠴᠤᠳ᠎ᠤᠨ ᠠᠵᠢᠯ᠎ᠤᠨ ᠵᠥᠪᠯᠡᠯ᠂ ᠠᠵᠢᠯᠲᠠᠨ ᠠᠵᠢᠯᠴᠢᠨ᠎ᠤ ᠡᠪᠯᠡᠯ᠎ᠢ ᠵᠣᠬᠢᠶᠠᠨ ᠪᠠᠢ᠌ᠭᠤᠯᠵᠤ 6 ᠰᠠᠷ᠎ᠠ ᠵᠢᠨ 28᠎ᠤ ᠡᠳᠦᠷ ᠴᠧ ᠯᠧ ᠯᠢᠨ ᠬᠠᠢ ᠪᠠᠶ᠋ᠢᠭ᠋ᠠᠯᠢ ᠵᠢᠨ ᠰᠤᠷᠭ᠋ᠠᠭᠤᠯᠢ᠎ᠳᠤ 《ᠨᠠᠮ᠎ᠤᠨ ᠠᠴᠢ᠎ᠳᠤ ᠲᠠᠯᠠᠷᠬᠠᠵᠤ ᠨᠢᠭᠲᠠᠷᠠᠯ᠎ᠤᠨ ᠬᠦᠴᠦᠨ᠎ᠢ ᠨᠡᠮᠡᠭᠳᠡᠭᠦᠯᠦᠨ ᠲᠤᠯᠤᠭ᠋ᠠᠨ ᠰᠠᠷ᠎ᠠ ᠵᠢᠨ ᠨᠢᠭᠡ᠎ᠨᠢ ᠪᠡᠯᠭᠡᠯᠡᠬᠦ》 ᠰᠣᠩᠭᠣᠳᠠᠭ ᠵᠣᠬᠢᠶᠠᠯ᠎ᠢ ᠤᠩᠰᠢᠬᠤ ᠠᠵᠢᠯᠯᠠᠭ᠎ᠠ ᠥᠷᠨᠢᠭᠦᠯᠵᠡᠢ᠃ ᠬᠤᠷᠠᠯ ᠳᠡᠭᠡᠷ᠎ᠡ᠂ ᠪᠦᠬᠦ ᠨᠠᠮ᠎ᠤᠨ ᠭᠡᠰᠢᠭᠦᠨ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠲᠠᠬᠢᠨ ᠡᠷᠭᠢᠴᠡᠭᠦᠯᠵᠦ᠂ ᠨᠠᠮ᠎ᠤᠨ ᠭᠡᠰᠢᠭᠦᠨ ᠨᠢᠭᠡᠪᠦᠷᠢ ᠨᠢᠭᠡ ᠤᠳᠠᠭ᠎ᠠ ᠵᠢᠨ ᠭᠦᠨ ᠭᠦᠨᠵᠡᠭᠡᠢ ᠦᠵᠡᠯ ᠰᠠᠨᠠᠭ᠋ᠠᠨ᠎ᠤ ᠳᠠᠪᠲᠠᠯᠲᠠ ᠵᠢ ᠬᠦᠯᠢᠶᠡᠵᠦ᠂ ᠨᠠᠮ᠎ᠳᠠᠭᠠᠨ ᠦᠨᠡᠨᠴᠢ ᠰᠢᠳᠤᠷᠭᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠷᠠᠳ ᠲᠦᠮᠡᠨ᠎ᠳᠤ ᠦᠢ᠍ᠯᠡᠴᠢᠯᠡᠬᠦ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ ᠵᠢ ᠤᠯᠠᠮ ᠴᠢᠨᠠᠭᠰᠢᠳᠠ ᠴᠢᠩᠭ᠋ᠠᠳᠬᠠᠵᠠᠢ᠃
ᠠᠵᠢᠯᠯᠠᠭ᠎ᠠ ᠵᠢᠨ ᠳᠤᠮᠳᠠ᠂ ᠮᠠᠨ᠎ᠤ ᠬᠣᠷᠢᠶᠠᠨ᠎ᠤ ᠪᠦᠬᠦ ᠨᠠᠮ᠎ᠤᠨ ᠭᠡᠰᠢᠭᠦᠨ ᠠᠵᠢᠯᠲᠠᠨ ᠠᠵᠢᠯᠴᠢᠨ 《ᠬᠤᠪᠢᠰᠬᠠᠯ᠎ᠤᠨ ᠰᠣᠩᠭᠣᠳᠠᠭ ᠵᠣᠬᠢᠶᠠᠯ》 ᠭᠡᠬᠦ ᠭᠣᠣᠯ ᠰᠡᠳᠦᠪ᠎ᠤᠨ ᠲᠣᠭᠣᠷᠢᠨ᠎ᠳᠤ᠂ 《ᠵᠠᠭᠤᠨ ᠵᠢᠯ᠎ᠤᠨ ᠵᠠᠯᠠᠭᠤ ᠨᠠᠰᠤ》 《ᠳᠤᠮᠳᠠᠳᠤ ᠤᠯᠤᠰ ᠵᠶ᠋ᠠᠨ ᠬᠠᠢ᠌ᠷᠠᠯᠠᠨ᠎ᠠ》 《ᠥᠨᠢ ᠡᠭᠦᠷᠢᠳᠡ ᠵᠢᠨ ᠲᠤᠭ᠂ ᠥᠨᠢ ᠡᠭᠦᠷᠢᠳᠡ ᠵᠢᠨ ᠳᠤᠮᠳᠠᠳᠤ ᠵᠢᠨ ᠵᠡᠭᠦᠳᠦ》 ᠵᠡᠷᠭᠡ ᠭᠣᠣᠯ ᠰᠡᠳᠦᠪ ᠵᠶ᠋ᠡᠷ ᠢᠯᠡ ᠲᠣᠳᠣ ᠪᠦᠲᠦᠭᠡᠯ᠎ᠤᠳ᠎ᠢ ᠤᠩᠰᠢᠪᠠ᠃ ᠠᠶ᠎ᠠ ᠳᠠᠭᠤᠤ᠎ᠪᠠᠷ ᠬᠠᠢ᠌ᠷ᠎ᠠ ᠰᠡᠳᠬᠢᠯᠭᠡ᠎ᠪᠠᠨ ᠳᠠᠮᠵᠢᠭᠤᠯᠵᠤ᠂ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠬᠤ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠬᠤ ᠢᠲᠡᠭᠡᠯ ᠵᠣᠷᠢᠭ ᠵᠶ᠋ᠠᠨ ᠡᠷᠡᠰ ᠢᠯᠡᠳᠬᠡᠬᠦ ᠵᠢᠨ ᠬᠠᠮᠲᠤ ᠤᠯᠠᠨ᠎ᠢ ᠳᠠᠭ᠋ᠠᠭᠤᠯᠤᠨ ᠠᠭᠤᠤ ᠶᠡᠬᠡ ᠬᠤᠪᠢᠰᠬᠠᠯ᠎ᠤᠨ ᠵᠣᠷᠢᠭ ᠰᠠᠨᠠᠭ᠎ᠠ ᠵᠢ ᠬᠠᠮᠲᠤ᠎ᠪᠠᠷ ᠮᠡᠳᠡᠷᠡᠭᠦᠯᠵᠦ᠂ ᠡᠬᠡ ᠤᠯᠤᠰ᠎ᠤᠨ ᠵᠶ᠋ᠠᠨ ᠦᠵᠡᠰᠬᠦᠯᠡᠩᠲᠦ ᠰᠠᠢ᠌ᠬᠠᠨ ᠪᠠ ᠥᠷᠭᠡᠨ ᠠᠭᠤᠳᠠᠮ ᠨᠤᠲᠤᠭ ᠳᠡᠪᠢᠰᠬᠡᠷ᠎ᠢ ᠣᠢ᠌ᠯᠠᠭ᠋ᠠᠵᠤ᠂ ᠴᠠᠭ ᠦᠶ᠎ᠡ ᠵᠢᠨ ᠠᠭᠤᠤ ᠶᠡᠬᠡ ᠰᠦᠷ ᠳᠠᠯᠠᠢ᠌ᠴᠠᠲᠠᠢ ᠬᠦᠴᠦᠨ ᠴᠢᠳᠠᠯ᠎ᠢ ᠭᠡᠷᠡᠴᠢᠯᠡᠪᠡ᠃
ᠲᠤᠰ ᠤᠳᠠᠭ᠎ᠠ ᠵᠢᠨ ᠠᠵᠢᠯᠯᠠᠭ᠎ᠠ᠎ᠨᠢ ᠭᠣᠣᠯ ᠰᠡᠳᠦᠪᠲᠦ ᠨᠠᠮ᠎ᠤᠨ ᠡᠳᠦᠷ᠎ᠤᠨ ᠬᠡᠯᠪᠡᠷᠢ ᠵᠢ ᠪᠠᠶᠠᠯᠢᠭᠵᠢᠭᠤᠯᠵᠤ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ᠎ᠤ ᠬᠠᠷᠢᠴᠠᠭ᠎ᠠ ᠵᠢ ᠨᠢᠭᠲᠠᠷᠠᠭᠤᠯᠵᠤ᠂ ᠪᠦᠬᠦ ᠨᠠᠮ᠎ᠤᠨ ᠭᠡᠰᠢᠭᠦᠨ᠎ᠤ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠬᠤ ᠰᠡᠳᠬᠢᠯᠭᠡ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ ᠵᠢ ᠤᠯᠠᠮ ᠴᠢᠨᠠᠭᠰᠢᠳᠠ ᠬᠥᠭᠵᠢᠭᠡᠵᠦ᠂ ᠤᠯᠠᠨ ᠵᠶ᠋ᠠᠷ ᠵᠶ᠋ᠠᠨ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠴᠤᠴᠠᠯᠲᠠ ᠦᠭᠡᠢ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠡᠩ ᠶᠡᠬᠡ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃