ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠠᠴᠠ ᠠᠵᠢᠯᠲᠠᠨ ᠲᠣᠮᠢᠯᠠᠨ ᠭᠤᠸᠠᠩᠳᠦ᠋ᠩ ᠮᠤᠵᠢ᠎ᠳᠤ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-09-27

      ᠭᠤᠸᠠᠩᠳᠦ᠋ᠩ ᠮᠤᠵᠢ ᠵᠢᠨ ᠠᠭ᠋ᠠᠷ ᠮᠠᠨᠳᠠᠯ ᠪᠠ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠲᠠᠯ᠎ᠠ ᠵᠢᠨ ᠲᠡᠷᠢᠭᠦᠨ᠎ᠤ ᠲᠤᠷᠰᠢᠯᠭ᠎ᠠ ᠵᠢ ᠰᠤᠷᠤᠯᠴᠠᠨ ᠯᠠᠪᠯᠠᠯᠲᠠ ᠪᠣᠯᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ (ᠲᠥᠰᠥᠯ)》᠎ᠢ ᠲᠡᠭᠦᠯᠳᠡᠷᠵᠢᠭᠦᠯᠬᠦ ᠵᠢᠨ ᠲᠤᠰᠠᠳᠠ᠂ ᠣᠢ᠌ᠷ᠎ᠠ᠎ᠳᠤ᠂ ᠮᠠᠨ᠎ᠤ ᠬᠦᠷᠢᠶᠡᠯᠡᠩ ᠠᠵᠢᠯᠲᠠᠨ ᠲᠣᠮᠢᠯᠠᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ ᠎ᠤ ᠲᠢᠩᠬᠢᠮ᠎ᠤᠨ ᠬᠠᠮᠢᠶ᠎ᠠ ᠪᠦᠬᠦᠢ ᠬᠥᠮᠥᠰ᠎ᠲᠠᠢ ᠬᠠᠮᠲᠤ ᠭᠤᠸᠠᠩᠳᠦ᠋ᠩ ᠮᠤᠵᠢ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ ᠤᠷᠢᠳ ᠬᠣᠵᠢᠳ ᠭᠤᠸᠠᠩᠳᠦ᠋ᠩ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠵᠦᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠱᠧᠨᠵᠧᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠲᠠᠢ ᠶᠠᠷᠢᠯᠴᠠᠬᠤ ᠬᠤᠷᠠᠯ ᠬᠢᠵᠦ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠵᠠᠰᠠᠯᠲᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠵᠢᠷᠤᠮᠵᠢᠯ᠂ ᠪᠠᠷᠢᠮᠵᠢᠶ᠎ᠠ ᠵᠢ ᠲᠣᠭᠲᠠᠭ᠋ᠠᠭᠰᠠᠨ ᠪᠠᠶ᠋ᠢᠳᠠᠯ ᠪᠠ 《ᠮᠤᠨᠲᠷᠢᠶᠠᠯ᠎ᠤᠨ ᠵᠥᠪᠯᠡᠨ ᠲᠣᠭᠲᠠᠭ᠋ᠠᠭᠰᠠᠨ ᠪᠢᠴᠢᠭ》᠎ᠤᠨ ᠭᠡᠷ᠎ᠡ ᠭᠦᠢ᠍ᠴᠡᠳᠬᠡᠬᠦ ᠴᠢᠳᠠᠪᠤᠷᠢ ᠵᠢᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠠᠬᠢᠴᠠ ᠵᠢᠴᠢ ᠦᠷ᠎ᠡ ᠪᠦᠲᠦᠮᠵᠢ ᠵᠢ ᠭᠦᠢ᠍ᠴᠡᠳ ᠣᠢ᠌ᠯᠠᠭ᠋ᠠᠬᠤ ᠵᠢᠨ ᠬᠠᠮᠲᠤ᠂ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠳᠤᠮᠳᠠᠬᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠂ ᠲᠤᠰᠬᠠᠢ ᠣᠷᠣᠨ᠎ᠤ ᠲᠠᠰ᠎ᠤᠨ ᠬᠣᠲᠠ ᠵᠢᠨ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ᠎ᠤᠨ ᠬᠠᠤᠯᠢ ᠲᠣᠭᠲᠠᠭ᠋ᠠᠯᠲᠠ ᠵᠢᠨ ᠪᠠᠶ᠋ᠢᠳᠠᠯ᠂ ᠱᠤᠤᠭᠢᠶᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠲᠡᠷᠢᠭᠦᠨ᠎ᠤ ᠲᠤᠷᠰᠢᠯᠭ᠎ᠠ ᠠᠷᠭ᠎ᠠ ᠬᠢᠳᠡᠯ᠎ᠢ ᠶᠠᠷᠢᠯᠴᠠᠨ ᠰᠣᠯᠢᠯᠴᠠᠪᠠ᠃
      ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠭᠤᠸᠠᠩᠵᠧᠦ ᠵᠢᠨ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ᠂ ᠪᠠᠢ ᠶᠦᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠭᠤᠤ ᠯᠢᠩ ᠮᠡᠳᠡᠭᠡ ᠵᠠᠩᠭᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶ᠎ᠠ ᠪᠦᠬᠦᠢ ᠮᠡᠷᠭᠡᠵᠢᠯ ᠪᠣᠯᠣᠨ ᠲᠥᠬᠦᠭᠡᠷᠦᠮᠵᠢ᠂ ᠱᠧᠨᠵᠧᠨ᠎ᠤ ᠤᠯᠠᠨ ᠤᠯᠤᠰ᠎ᠤᠨ ᠰᠣᠯᠢᠯᠴᠠᠭ᠋ᠠᠨ᠎ᠤ ᠲᠥᠪ᠎ᠲᠤ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠵᠠᠰᠠᠯᠲᠠ ᠵᠢᠴᠢ ᠳᠦᠷᠦᠯ ᠵᠦᠢ᠍ᠯ᠎ᠤᠨ ᠪᠠᠷᠢᠯᠭ᠎ᠠ ᠵᠢᠨ ᠠᠵᠢᠯ᠎ᠤᠨ ᠱᠤᠤᠭᠢᠶᠠᠨ᠎ᠤ ᠬᠢᠨᠠᠯᠲᠠ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠳᠠᠯ᠎ᠤᠨ ᠲᠤᠬᠠᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠵᠦ᠂ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠳᠦᠷᠦᠯ᠎ᠤᠨ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠲᠡᠷᠢᠭᠦᠨ᠎ᠤ ᠵᠠᠰᠠᠯᠲᠠ ᠵᠢᠴᠢ ᠱᠤᠤᠭᠢᠶᠠᠨ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠮᠡᠷᠭᠡᠵᠢᠯ᠎ᠤᠨ ᠲᠡᠷᠢᠭᠦᠨ᠎ᠤ ᠲᠤᠷᠰᠢᠯᠭ᠎ᠠ ᠵᠢ ᠤᠯᠠᠮ ᠴᠢᠨᠠᠭᠰᠢᠳᠠ ᠰᠤᠷᠤᠯᠴᠠᠨ ᠣᠢ᠌ᠯᠠᠭ᠋ᠠᠪᠠ᠃
      ᠲᠣᠰ ᠤᠳᠠᠭ᠋ᠠᠨ᠎ᠤ ᠪᠠᠢ᠌ᠴᠠᠭ᠋ᠠᠨ ᠰᠤᠳᠤᠯᠤᠯᠲᠠ᠎ᠪᠠᠷ ᠳᠡᠮᠵᠢᠨ᠂ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠭᠤᠸᠠᠩᠳᠦ᠋ᠩ ᠮᠤᠵᠢ ᠵᠢᠨ ᠬᠠᠤᠯᠢ ᠲᠣᠭᠲᠠᠭ᠋ᠠᠬᠤ ᠰᠠᠨᠠᠭᠤᠯᠭ᠎ᠠ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠲᠤᠷᠰᠢᠯᠭ᠎ᠠ ᠵᠢ ᠭᠦᠨᠵᠡᠭᠡᠢ ᠣᠢ᠌ᠯᠠᠭ᠋ᠠᠵᠤ᠂ ᠮᠠᠨ᠎ᠤ ᠬᠦᠷᠢᠶᠡᠯᠡᠩ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠭᠦᠢ᠍ᠴᠡᠳ ᠡᠮᠬᠢᠯᠡᠨ ᠳᠢᠭᠯᠡᠵᠦ᠂ ᠤᠨᠤᠯ ᠪᠠ ᠪᠣᠳᠠᠲᠠᠢ ᠠᠵᠢᠯ᠎ᠢ ᠤᠶᠠᠯᠳᠤᠭᠤᠯᠤᠨ᠂ ᠲᠠᠷᠠᠭ᠋ᠠᠴᠢ ᠵᠢᠨ ᠥᠪᠡᠷᠲᠡᠭᠡᠨ ᠵᠠᠰᠠᠬᠤ ᠣᠷᠣᠨ᠎ᠤ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠳᠦᠷᠢᠮ᠎ᠳᠤ ᠵᠠᠰᠠᠪᠤᠷᠢ ᠣᠷᠣᠭᠤᠯᠬᠤ ᠵᠢᠴᠢ ᠬᠣᠯᠪᠣᠭᠳᠠᠯ ᠪᠦᠬᠦᠢ ᠠᠵᠢᠯ᠎ᠢ ᠥᠷᠨᠢᠭᠦᠯᠬᠦ᠎ᠳᠤ ᠤᠨᠤᠯ᠎ᠤᠨ ᠰᠠᠭᠤᠷᠢ ᠵᠢ ᠪᠠᠲᠤᠳᠬᠠᠬᠤ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ᠎ᠤᠨ ᠠᠩᠭᠢ ᠤᠷᠤᠭᠰᠢᠲᠠᠢ ᠶᠠᠪᠤᠭᠳᠠᠪᠠ
ᠪᠦᠬᠦ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠠᠢ᠌ᠯᠪᠤᠷᠢᠯᠠᠬᠤ ᠪᠤᠯᠪᠠᠰᠤᠷᠠᠯ᠎ᠤᠨ ᠠᠩᠭᠢ ᠵᠢ ᠤᠷᠤᠭᠰᠢᠲᠠᠢ ᠡᠷᠬᠢᠯᠡᠪᠡ
ᠮᠠᠨ᠎ᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠠᠵᠢᠯ ᠤᠯᠤᠰ᠎ᠤᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠤᠷᠤᠭᠰᠢᠲᠠᠢ ᠥᠩᠭᠡᠷᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠬᠠᠮᠲᠤᠷᠠᠨ ᠰᠤᠳᠤᠯᠬᠤ 《ᠨᠢᠭᠡ ᠬᠣᠲᠠ᠎ᠳᠤ ᠨᠢᠭᠡ ᠠᠷᠭ᠎ᠠ ᠪᠣᠳᠣᠯᠭ᠎ᠠ》 ᠵᠢᠨ ᠴᠡᠭ᠎ᠲᠤ ᠰᠠᠭᠤᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠮᠤᠵᠢ ᠵᠢᠨ ᠱᠠᠲᠤᠨ᠎ᠤ ᠠᠵᠢᠯ᠎ᠤᠨ ᠳᠤᠭᠤᠢ᠌ᠯᠠᠩ ᠴᠡᠭ᠎ᠲᠤ ᠰᠠᠭᠤᠭ᠎ᠠ ᠲᠠᠪᠤᠨ ᠬᠣᠲᠠ᠎ᠳᠤ ᠬᠦᠷᠴᠦ ᠲᠤᠬᠠᠢ ᠵᠢᠨ ᠲᠠᠯᠠᠪᠤᠷ᠎ᠲᠤ ᠵᠢᠭ᠋ᠠᠨ ᠵᠢᠯᠤᠭᠣᠳᠴᠤ ᠬᠠᠪᠰᠤᠷᠤᠨ ᠲᠡᠳᠬᠦᠬᠦ ᠠᠵᠢᠯ ᠥᠷᠨᠢᠭᠦᠯᠪᠡ
ᠬᠥᠬᠡ ᠤᠳᠤᠨ ᠪᠥᠮᠪᠥᠷᠴᠡᠭ᠎ᠢ ᠰᠠᠬᠢᠨ ᠬᠠᠮᠠᠭ᠋ᠠᠯᠠᠵᠤ ᠮᠥᠩᠭᠥᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠡᠷ᠎ᠡ᠎ᠪᠠᠨ ᠬᠠᠮᠲᠤ᠎ᠪᠠᠷ ᠭᠦᠢ᠍ᠴᠡᠳᠬᠡᠶ᠎ᠡ —— ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠡᠭᠦᠷ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
             蒙ICP备05000248号