ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠰᠤᠳᠤᠯᠭᠠᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠣᠣᠯᠳᠠᠯᠭ᠎ᠠ᠎ᠲᠠᠢ ᠠᠵᠢᠯ ᠲᠥᠷᠥᠯ᠎ᠦᠨ ᠮᠧᠲ᠋ᠠᠨ᠎ᠤ ᠭᠠᠳᠠᠭᠰᠢᠯᠠᠭᠤᠯᠤᠯᠲᠠ᠎ᠶᠢ ᠡᠵᠡᠮᠳᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ ᠭᠦᠨᠵᠡᠭᠡᠢ ᠪᠠᠢᠴᠠᠭᠠᠨ ᠰᠤᠳᠤᠯᠤᠯᠲᠠ᠎ᠪᠠᠷ ᠭᠠᠳᠠᠭᠰᠢᠯᠠᠭᠤᠯᠤᠯᠲᠠ᠎ᠶᠢ ᠪᠠᠭᠠᠰᠬᠠᠬᠤ ᠲᠥᠯᠦᠪᠵᠢᠭᠦᠯᠭᠡ᠎ᠳᠦ ᠬᠦᠴᠦᠨ ᠨᠡᠮᠡᠷᠢᠯᠡᠵᠦ ᠪᠠᠢᠨ᠎ᠠ
ᠨᠡᠶ᠋ᠢᠲᠡᠯᠡᠭᠰᠡᠨ ᠴᠠᠭ᠄ 2025-11-06

ᠭᠣᠣᠯᠳᠠᠯᠭ᠎ᠠ᠎ᠲᠠᠢ ᠠᠵᠢᠯ ᠲᠥᠷᠥᠯ᠎ᠦᠨ ᠠᠵᠤ ᠠᠬᠤᠢᠯᠠᠯ᠎ᠤᠨ ᠮᠧᠲ᠋ᠠᠨ ᠭᠠᠳᠠᠭᠰᠢᠯᠠᠭᠤᠯᠬᠤ᠎ᠶᠢ ᠲᠣᠭᠠᠴᠠᠭ᠎ᠠ ᠬᠢᠬᠦ ᠪᠠ ᠮᠡᠳᠡᠭᠦᠯᠬᠦ ᠳᠦᠷᠢᠮ᠎ᠢ ᠪᠠᠶ᠋ᠢᠭᠤᠯᠬᠤ ᠵᠢᠴᠢ ᠪᠠᠢᠳᠠᠯ᠎ᠢ ᠣᠢᠯᠠᠭᠠᠨ ᠪᠠᠢᠴᠠᠭᠠᠨ ᠰᠤᠳᠤᠯᠬᠤ ᠲᠥᠷᠥᠯ ᠵᠦᠢᠯ᠎ᠢ ᠨᠠᠢᠷᠠᠭᠤᠯᠤᠨ ᠵᠣᠬᠢᠶᠠᠬᠤ ᠠᠵᠢᠯ᠎ᠢ ᠥᠨᠳᠥᠷ ᠪᠦᠲᠦᠮᠵᠢᠲᠡᠶ᠎ᠪᠡᠷ ᠪᠡᠶᠡᠯᠡᠭᠦᠯᠬᠦ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠤᠨ ᠲᠠᠷᠬᠠᠯᠲᠠ᠎ᠶᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠲᠦᠷᠦᠭᠦᠬᠡᠨ ᠭᠣᠣᠯᠯᠠᠭ᠍ᠴᠢ ᠬᠥᠮᠥᠰ᠎ᠢ ᠵᠣᠬᠢᠶᠠᠨ ᠪᠠᠢᠭᠤᠯᠵᠤ ᠲᠣᠰ ᠲᠣᠰ ᠰᠢᠯᠢᠩᠬᠣᠲᠠ ᠬᠢᠭᠡᠳ ᠣᠷᠳᠣᠰ ᠬᠣᠲᠠ᠎ᠳᠤ ᠮᠧᠲ᠋ᠠᠨ ᠭᠠᠳᠠᠭᠰᠢᠯᠠᠭᠤᠯᠬᠤ᠎ᠶᠢ ᠡᠵᠡᠮᠳᠡᠬᠦ ᠲᠤᠰᠬᠠᠢ ᠪᠠᠢᠴᠠᠭᠠᠨ ᠰᠤᠳᠤᠯᠤᠯᠲᠠ ᠥᠷᠨᠢᠭᠦᠯᠪᠡ᠃

ᠰᠢᠯᠢᠩᠬᠣᠲᠠ᠎ᠳᠤ᠂ ᠪᠠᠢᠴᠠᠭᠠᠨ ᠰᠤᠳᠤᠯᠤᠭ᠍ᠴᠢ᠎ᠠᠴᠠ ᠲᠤᠬᠠᠢ᠎ᠶᠢᠨ ᠭᠠᠵᠠᠷ᠎ᠤᠨ ᠴᠢᠯᠠᠭᠤᠨ ᠲᠤᠰᠤᠨ᠎ᠤ ᠠᠭᠤᠷᠬᠠᠢ᠎ᠶᠢᠨ ᠠᠵᠤ ᠠᠬᠤᠢᠯᠠᠯ᠎ᠤᠨ ᠬᠠᠮᠢᠶᠠᠷᠤᠯᠲᠠ᠎ᠶᠢᠨ ᠠᠵᠢᠯᠲᠠᠨ ᠵᠢᠴᠢ ᠮᠡᠷᠭᠡᠵᠢᠯ᠎ᠦᠨ ᠭᠣᠣᠯᠯᠠᠭ᠍ᠴᠢ ᠬᠦᠴᠦᠨ᠎ᠲᠠᠢ ᠭᠦᠨᠵᠡᠭᠡᠢ ᠶᠠᠷᠢᠯᠴᠠᠨ ᠰᠣᠯᠢᠯᠴᠠᠵᠤ᠂ ᠴᠢᠯᠠᠭᠤᠨ ᠲᠤᠰᠤᠨ᠎ᠤ ᠠᠭᠤᠷᠬᠠᠢ᠎ᠶᠢ ᠨᠡᠭᠡᠭᠡᠨ ᠮᠠᠯᠲᠠᠬᠤ᠂ ᠲᠥᠪᠯᠡᠷᠡᠭᠦᠯᠦᠨ ᠳᠠᠮᠵᠢᠭᠤᠯᠬᠤ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠮᠧᠲ᠋ᠠᠨ᠎ᠤ ᠭᠠᠳᠠᠭᠰᠢᠯᠠᠭᠤᠯᠤᠯᠲᠠ᠎ᠶᠢᠨ ᠡᠬᠢ ᠰᠤᠷᠪᠤᠯᠵᠢ᠎ᠶᠢᠨ ᠲᠣᠭᠣᠷᠢᠨ᠎ᠳᠤ ᠨᠠᠷᠢᠨ ᠨᠢᠭ᠍ᠲᠠ ᠰᠤᠳᠤᠯᠤᠨ ᠶᠠᠷᠢᠯᠴᠠᠵᠠᠢ᠃ ᠲᠦᠭᠦᠬᠡᠢ ᠴᠢᠯᠠᠭᠤᠨ ᠲᠣᠰᠣᠨ᠎ᠤ ᠬᠠᠳᠠᠭᠠᠯᠠᠬᠤ ᠰᠠᠪᠠ᠎ᠶᠢᠨ ᠠᠮᠢᠰᠬᠤᠯ᠎ᠤᠨ ᠬᠣᠷᠣᠭᠳᠠᠯ᠎ᠤᠨ ᠬᠡᠮᠵᠢᠶ᠎ᠡ᠂ ᠬᠤᠳᠳᠤᠭ᠎ᠤᠨ ᠠᠮᠠᠰᠠᠷ᠎ᠤᠨ ᠪᠢᠲᠡᠭᠦᠮᠵᠢᠯᠡᠭᠰᠡᠨ ᠬᠡᠰᠡᠭ᠎ᠦᠨ ᠭᠣᠭᠣᠵᠢᠯᠲᠠ᠎ᠶᠢ ᠪᠠᠢᠴᠠᠭᠠᠨ ᠰᠢᠯᠭᠠᠬᠤ ᠵᠢᠴᠢ ᠣᠲᠣ᠌᠎ᠶᠢᠨ ᠪᠠᠢᠭ᠎ᠠ ᠮᠧᠲ᠋ᠠᠨ᠎ᠢ ᠬᠣᠷᠢᠶᠠᠨ ᠠᠪᠴᠤ ᠰᠢᠢᠳᠪᠦᠷᠢᠯᠡᠬᠦ ᠮᠡᠷᠭᠡᠵᠢᠯ᠎ᠦᠨ ᠲᠠᠯ᠎ᠠ᠎ᠪᠠᠷ ᠨᠠᠷᠢᠨ ᠨᠢᠭ᠍ᠲᠠ ᠨᠡᠪᠲᠡᠷᠡᠯᠴᠡᠪᠡ᠃ ᠡᠭᠦᠨ᠎ᠦ ᠬᠠᠮᠲᠤ᠂ ᠨᠡᠭᠦᠷᠡᠰᠦᠨ ᠠᠭᠤᠷᠬᠠᠢ᠎ᠶᠢᠨ ᠨᠡᠭᠡᠭᠡᠨ ᠮᠠᠯᠲᠠᠬᠤ ᠶᠠᠪᠤᠴᠠ᠎ᠳᠠᠬᠢ ᠮᠧᠲ᠋ᠠᠨ᠎ᠢ ᠲᠠᠲᠠᠵᠤ ᠮᠠᠯᠲᠠᠬᠤ᠂ ᠠᠰᠢᠭ᠍ᠯᠠᠬᠤ ᠵᠢᠴᠢ ᠭᠠᠳᠠᠭᠰᠢᠯᠠᠭᠤᠯᠬᠤ ᠵᠡᠷᠭᠡ ᠪᠠᠢᠳᠠᠯ᠎ᠢ ᠭᠣᠣᠯᠳᠠᠯᠭ᠎ᠠ᠎ᠲᠠᠢ᠎ᠪᠠᠷ ᠣᠢᠯᠠᠭᠠᠵᠠᠢ᠃

ᠣᠷᠳᠣᠰ ᠬᠤᠳᠠ᠎ᠶᠢᠨ ᠰᠥᠷᠦᠭ ᠪᠠᠢᠭᠠᠯᠢ᠎ᠶᠢᠨ ᠰᠢᠲᠠᠮᠠᠬᠠᠢ ᠬᠡᠢ᠎ᠶᠢ ᠰᠢᠢᠳᠪᠦᠷᠢᠯᠡᠬᠦ ᠬᠣᠶᠠᠳᠤᠭᠠᠷ ᠦᠢᠯᠡᠳᠪᠦᠷᠢ᠎ᠳᠦ᠂ ᠪᠠᠢᠭᠠᠯᠢ᠎ᠶᠢᠨ ᠰᠢᠲᠠᠮᠠᠬᠠᠢ ᠬᠡᠢ᠎ᠶᠢ ᠰᠢᠢᠳᠪᠦᠷᠢᠯᠡᠬᠦ ᠶᠠᠪᠤᠴᠠ᠎ᠳᠠᠬᠢ ᠨᠡᠭᠦᠷᠡᠰᠦᠲᠥ᠋ᠷᠥᠭᠴᠢ ᠦᠭᠡᠢᠳᠡᠭᠦᠯᠬᠦ᠂ ᠤᠰᠤ ᠦᠭᠡᠢᠳᠡᠭᠦᠯᠬᠦ ᠵᠡᠷᠭᠡ ᠤᠷ᠎ᠠ ᠮᠡᠷᠭᠡᠰᠢᠯ᠎ᠦᠨ ᠭᠣᠭᠴᠣᠭ᠎ᠠ᠎ᠳᠠᠬᠢ ᠮᠧᠲ᠋ᠠᠨ᠎ᠤ ᠭᠠᠳᠠᠭᠰᠢᠯᠠᠭᠤᠯᠤᠯᠲᠠ᠎ᠶᠢᠨ ᠪᠠᠢᠳᠠᠯ᠎ᠢ ᠭᠣᠣᠯᠳᠠᠯᠭ᠎ᠠ᠎ᠲᠠᠢ ᠠᠩᠬᠠᠷᠬᠤ᠎ᠶᠢᠨ ᠬᠠᠮᠲᠤ ᠠᠵᠤ ᠠᠬᠤᠢᠯᠠᠯ᠎ᠤᠨ ᠮᠡᠷᠭᠡᠵᠢᠯ᠎ᠦᠨ ᠠᠵᠢᠯᠲᠠᠨ᠎ᠲᠠᠢ ᠭᠠᠷ ᠤᠷᠠᠯᠠᠯ᠎ᠤᠨ ᠪᠣᠯᠵᠣᠯᠲᠤ ᠲᠣᠭ᠎ᠠ᠎ᠶᠢ ᠰᠢᠯᠢᠳᠡᠭᠵᠢᠭᠦᠯᠬᠦ᠎ᠶᠢᠨ ᠮᠧᠲ᠋ᠠᠨ᠎ᠤ ᠭᠠᠳᠠᠭᠰᠢᠯᠠᠭᠤᠯᠤᠯᠲᠠ᠎ᠶᠢ ᠪᠠᠭᠠᠰᠬᠠᠬᠤ᠎ᠳᠤ ᠦᠵᠡᠭᠦᠯᠬᠦ ᠨᠥᠯᠥᠭᠡ᠎ᠶᠢᠨ ᠲᠤᠬᠠᠢ ᠭᠦᠨᠵᠡᠭᠡᠢ ᠰᠣᠯᠢᠯᠴᠠᠵᠠᠢ᠃ ᠪᠣᠬᠢᠷ ᠤᠰᠤ᠎ᠶᠢ ᠰᠢᠢᠳᠪᠦᠷᠢᠯᠡᠬᠦ ᠦᠢᠯᠡᠳᠪᠦᠷᠢ ᠪᠠ ᠬᠣᠭ ᠨᠣᠪᠰᠢ᠎ᠶᠢ ᠰᠢᠲᠠᠭᠠᠵᠤ ᠴᠠᠬᠢᠯᠭᠠᠨ ᠭᠠᠷᠭᠠᠬᠤ ᠠᠵᠤ ᠠᠬᠤᠢᠯᠠᠯ᠎ᠳᠤ᠂ ᠪᠣᠬᠢᠷ ᠤᠰᠤ᠎ᠶᠢ ᠰᠢᠢᠳᠪᠦᠷᠢᠯᠡᠬᠦ ᠪᠠ ᠬᠣᠭ ᠨᠣᠪᠰᠢ᠎ᠶᠢ ᠰᠢᠲᠠᠭᠠᠬᠤ ᠶᠠᠪᠤᠴᠠ᠎ᠳᠠᠬᠢ ᠮᠧᠲ᠋ᠠᠨ ᠭᠠᠷᠭᠠᠬᠤ ᠵᠠᠩᠭᠢᠯᠠᠭ᠎ᠠ᠎ᠶᠢᠨ ᠭᠠᠳᠠᠭᠰᠢᠯᠠᠭᠤᠯᠤᠯᠲᠠ᠎ᠶᠢ ᠬᠢᠵᠠᠭᠠᠷᠯᠠᠵᠤ ᠪᠠᠢᠭ᠎ᠠ ᠪᠠᠢᠳᠠᠯ ᠵᠢᠴᠢ ᠰᠢᠲᠠᠭᠠᠵᠤ ᠴᠠᠬᠢᠯᠭᠠᠨ ᠭᠠᠷᠭᠠᠬᠤ ᠶᠠᠪᠤᠴᠠ᠎ᠳᠠᠬᠢ ᠡᠨᠧᠷᠭᠢ᠎ᠶᠢᠨ ᠠᠰᠢᠭ᠍ᠯᠠᠯᠲᠠ᠎ᠶᠢᠨ ᠦᠷ᠎ᠡ ᠪᠦᠲᠦᠮᠵᠢ ᠪᠠ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ᠎ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ᠎ᠶᠢ ᠨᠠᠷᠢᠨ ᠣᠢᠯᠠᠭᠠᠪᠠ᠃

ᠲᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠬᠢᠨ ᠪᠠᠢᠴᠠᠭᠠᠨ ᠰᠤᠳᠤᠯᠤᠯᠲᠠ᠎ᠶᠢᠨ ᠪᠠᠢᠳᠠᠯ᠎ᠲᠠᠢ᠎ᠪᠠᠨ ᠤᠶᠠᠯᠳᠤᠭᠤᠯᠤᠨ᠂ ᠡᠯ᠎ᠡ ᠬᠦᠷᠢᠶᠡᠨ᠎ᠳᠡᠬᠢ ᠮᠧᠲ᠋ᠠᠨ ᠭᠠᠳᠠᠭᠰᠢᠯᠠᠭᠤᠯᠬᠤ᠎ᠶᠢᠨ ᠵᠠᠩᠭᠢᠯᠠᠭ᠎ᠠ᠎ᠶᠢᠨ ᠡᠵᠡᠮᠳᠡᠬᠦ ᠴᠡᠭ᠎ᠢ ᠭᠦᠨᠵᠡᠭᠡᠢ ᠵᠠᠳᠠᠯᠤᠨ ᠰᠢᠨᠵᠢᠯᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠪᠣᠳᠠᠲᠤ ᠠᠵᠢᠯᠯᠠᠭ᠎ᠠ᠎ᠶᠢᠨ ᠴᠢᠨᠠᠷᠲᠠᠢ ᠰᠠᠨᠠᠭᠤᠯᠭ᠎ᠠ᠎ᠶᠢ ᠲᠦᠷᠭᠡᠪᠴᠢᠯᠡᠨ ᠪᠣᠶ ᠪᠣᠯᠭᠠᠵᠤ᠂ ᠬᠣᠯᠪᠣᠭᠳᠠᠯ ᠪᠦᠬᠦᠢ ᠠᠵᠤ ᠠᠬᠤᠢᠯᠠᠯ᠎ᠤᠨ ᠮᠧᠲ᠋ᠠᠨ ᠭᠠᠳᠠᠭᠰᠢᠯᠠᠭᠤᠯᠬᠤ᠎ᠶᠢ ᠬᠢᠵᠠᠭᠠᠷᠯᠠᠬᠤ ᠠᠵᠢᠯ᠎ᠢ ᠥᠨᠳᠥᠷ ᠬᠢᠷᠢ ᠲᠦᠪᠰᠢᠨ᠎ᠢᠶᠡᠷ ᠠᠬᠢᠭᠤᠯᠬᠤ᠎ᠳᠤ ᠬᠦᠴᠦ ᠨᠡᠮᠡᠷᠢᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号