ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ  -   ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ᠎ᠢ ᠦᠷᠭᠦᠯᠵᠢᠯᠡᠨ ᠰᠠᠢ᠌ᠲᠥᠷ ᠬᠢᠶ᠎ᠡ
ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠬᠠᠮᠲᠤᠷᠠᠨ 《ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ)》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2025-01-16

      ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ)
      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢ ᠰᠢᠯᠢᠨ ᠰᠣᠩᠭᠣᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠤ ᠠᠬᠤᠢ᠌ᠯᠠᠯ ᠭᠤᠶᠤᠴᠢᠯᠠᠨ ᠮᠡᠳᠡᠭᠦᠯᠬᠦ᠂ ᠣᠷᠣᠨ ᠨᠤᠲᠤᠭ᠎ᠤᠨ ᠠᠩᠬᠠᠨ᠎ᠤ ᠬᠢᠨᠠᠯᠲᠠ᠂ ᠲᠤᠰᠬᠠᠢ ᠮᠡᠷᠭᠡᠵᠢᠯᠲᠡᠨ᠎ᠤ ᠰᠢᠯᠭ᠋ᠠᠷᠠᠭᠤᠯᠤᠯᠲᠠ ᠪᠠ ᠰᠦᠯᠵᠢᠶᠡᠨ ᠳᠡᠭᠡᠷ᠎ᠡ ᠢᠯᠡ ᠨᠡᠢ᠌ᠲᠡᠯᠡᠬᠦ ᠵᠡᠷᠭᠡ ᠲᠠᠰ ᠳᠠᠷᠠᠭ᠋ᠠᠯᠠᠯ ᠵᠶ᠋ᠠᠷ ᠳᠠᠮᠵᠢᠭᠤᠯᠤᠨ᠂ 《ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ)》 ᠵᠢ ᠲᠣᠭᠲᠠᠭ᠋ᠠᠪᠠ᠂ ᠣᠲᠣ ᠵᠠᠷᠯᠠᠨ ᠨᠡᠢ᠌ᠲᠡᠯᠡᠪᠡ᠃
      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠳᠡᠮᠵᠢᠵᠦ ᠵᠣᠷᠢᠭᠵᠢᠭᠤᠯᠬᠤ ᠲᠥᠷᠥ ᠵᠢᠨ ᠪᠣᠳᠣᠯᠭ᠎ᠠ ᠵᠢ ᠰᠤᠳᠤᠯᠤᠨ ᠨᠡᠢ᠌ᠲᠡᠯᠡᠵᠦ᠂ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠵᠦ᠂ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠬᠦᠴᠦ ᠨᠡᠮᠡᠷᠢᠯᠡᠬᠦ ᠵᠢ ᠵᠣᠷᠢᠭᠵᠢᠭᠤᠯᠤᠨ᠎ᠠ᠃
      ᠳᠠᠭ᠋ᠠᠯᠳᠤᠭᠤᠯᠤᠯ᠄ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ)
      ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ
      ᠠᠮᠢ ᠠᠬᠤᠢ ᠣᠷᠴᠢᠨ ᠲᠣᠭᠣᠷᠢᠨ᠎ᠤ ᠶᠠᠮᠤᠨ
      ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ
      ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ
      2024 ᠣᠨ᠎ᠤ 12 ᠰᠠᠷ᠎ᠠ ᠵᠢᠨ 12᠎ᠤᠨ ᠡᠳᠦᠷ
      ᠬᠠᠮᠢᠶ᠎ᠠ ᠪᠦᠬᠦᠢ ᠪᠢᠴᠢᠭ ᠬᠠᠷ᠎ᠠ᠄
      ᠳᠠᠭ᠋ᠠᠯᠳᠤᠭᠤᠯᠤᠯ᠎ᠢ ᠪᠠᠭᠤᠯᠭ᠋ᠠᠬᠤ 1᠄ ᠳᠣᠣᠷ᠎ᠠ ᠱᠤᠤᠬᠢᠶᠠᠨᠳᠤ ᠪᠠᠷᠢᠯᠭ᠎ᠠ ᠵᠢᠨ ᠲᠥᠬᠦᠭᠡᠷᠦᠮᠵᠢ ᠵᠢᠨ ᠵᠢᠯᠤᠭᠣᠳᠬᠤ ᠨᠡᠷᠡᠰ᠎ᠤᠨ ᠵᠢᠭᠰᠠᠭ᠋ᠠᠯᠲᠠ (2024 ᠣᠨ᠎ᠤ ᠬᠡᠪᠯᠡᠯ). pdf

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号