ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ  -   ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ᠎ᠢ ᠦᠷᠭᠦᠯᠵᠢᠯᠡᠨ ᠰᠠᠢ᠌ᠲᠥᠷ ᠬᠢᠶ᠎ᠡ
ᠥᠪᠥᠷ ᠮᠣᠩᠭᠣᠯ ᠨᠢᠩᠰᠢᠶᠠ ᠭᠠᠷ ᠬᠣᠯᠪᠣᠯᠴᠠᠨ ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ᠎ᠶᠢ ᠭᠦᠨᠵᠡᠭᠡᠢᠷᠡᠭᠦᠯᠪᠡ
ᠨᠡᠶ᠋ᠢᠲᠡᠯᠡᠭᠰᠡᠨ ᠴᠠᠭ᠄ 2025-12-10

      11 ᠳ᠋ᠦ᠍ᠭᠡᠷ ᠰᠠᠷ᠎ᠠ᠎ᠶᠢᠨ 27᠎ᠤ ᠡᠳᠦᠷ ᠂ ᠥᠪᠥᠷ ᠮᠣᠩᠭᠣᠯ ᠪᠣᠯᠣᠨ ᠨᠢᠩᠰᠢᠶᠠ᠎ᠶᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠢᠷᠭᠠᠢ ᠬᠤᠳᠠ᠎ᠳᠤ 《 ᠠᠭᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠢᠯᠡᠵᠦ ᠬᠠᠮᠲᠤᠷᠠᠨ ᠬᠢᠵᠠᠭᠠᠷᠯᠠᠬᠤ ᠪᠣᠷᠣ᠌ ᠲᠥᠯᠥᠪ᠎ᠦᠨ ᠵᠥᠪᠯᠡᠯᠴᠡᠭᠡᠷ 》᠎ᠲᠦ ᠭᠠᠷ᠎ᠤᠨ ᠥᠰᠥᠭ ᠵᠢᠷᠤᠪᠠ᠂ ᠡᠨᠡ ᠨᠢ ᠬᠣᠶᠠᠷ ᠭᠠᠵᠠᠷ᠎ᠤᠨ ᠠᠭᠠᠷ ᠮᠠᠨᠳᠠᠯ᠎ᠤᠨ ᠪᠣᠬᠢᠷᠲᠤᠯ᠎ᠢ ᠬᠠᠮᠵᠢᠯᠴᠠᠨ ᠵᠠᠰᠠᠬᠤ ᠠᠵᠢᠯ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃
      ᠵᠥᠪᠯᠡᠯᠴᠡᠭᠡᠷ᠎ᠢ ᠦᠨᠳᠦᠰᠦᠯᠡᠪᠡᠯ᠂ ᠬᠣᠶᠠᠷ ᠲᠠᠯ᠎ᠠ᠎ᠪᠠᠷ᠎ᠢᠶᠠᠨ ᠦᠵᠦ ᠲᠥᠯᠥᠪᠯᠡᠭᠡ᠎ᠪᠡᠨ ᠴᠢᠩᠭᠠᠳᠬᠠᠵᠤ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ 《 ᠠᠷᠪᠠᠨ ᠲᠠᠪᠤᠳᠤᠭᠠᠷ ᠲᠠᠪᠤᠨ ᠵᠢᠯ 》᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠯᠦᠪᠵᠢᠭᠦᠯᠭᠡ᠎ᠳᠦ ᠣᠷᠣᠭᠤᠯᠤᠨ᠎ᠠ; PM2.5 ᠪᠣᠯᠣᠨ ᠣᠽᠣᠨ᠎ᠢ ᠬᠠᠮᠵᠢᠯᠴᠠᠨ ᠡᠵᠡᠮᠳᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠭᠠᠳᠠᠭᠰᠢᠯᠠᠭᠤᠯᠬᠤ ᠪᠠᠷᠢᠮᠵᠢᠶ᠎ᠠ᠎ᠶᠢ ᠨᠢᠭᠡᠳᠦᠯᠲᠡᠢ ᠪᠣᠯᠭᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠢᠳᠠᠯ᠎ᠢ ᠠᠷᠭᠠᠴᠠᠬᠤ ᠬᠠᠮᠲᠤᠷᠠᠯᠴᠠᠭ᠎ᠠ᠎ᠶᠢ ᠴᠢᠩᠭᠠᠳᠬᠠᠨ᠎ᠠ; ᠬᠠᠤᠯᠢ ᠬᠡᠷᠡᠭᠵᠢᠭᠦᠯᠦᠯᠲᠡ᠎ᠶᠢᠨ ᠬᠠᠮᠵᠢᠯᠴᠠᠭ᠎ᠠ᠎ᠶᠢ ᠠᠬᠢᠭᠤᠯᠵᠤ᠂ ᠮᠡᠳᠡᠭᠡ ᠵᠠᠩᠭᠢ᠎ᠶᠢᠨ ᠬᠠᠷᠢᠯᠴᠠᠨ ᠨᠡᠪᠲᠡᠷᠡᠯᠴᠡᠬᠦ ᠲᠣᠭᠲᠠᠴᠠ᠎ᠶᠢ ᠪᠠᠢᠭᠤᠯᠵᠤ᠂ ᠬᠠᠮᠲᠤᠷᠠᠭᠰᠠᠨ ᠪᠠᠢᠴᠠᠭᠠᠯᠲᠠ᠎ᠶᠢ ᠥᠷᠨᠢᠭᠦᠯᠦᠨ᠎ᠡ ; ᠡᠭᠦᠨ᠎ᠦ ᠬᠠᠮᠲᠤ᠂ ᠦᠬᠠᠢ ᠪᠣᠯᠣᠨ ᠱᠢ ᠽᠦᠢ ᠱᠠᠨ᠂ ᠠᠯᠠᠱᠠ ᠪᠣᠯᠣᠨ ᠵᠦᠩ ᠸᠧᠢ ᠵᠡᠷᠭᠡ ᠬᠥᠷᠰᠢ ᠵᠡᠷᠭᠡᠯᠡᠳᠡᠭᠡ ᠭᠠᠵᠠᠷ ᠣᠷᠣᠨ᠎ᠤ ᠪᠠᠢᠩᠭᠤ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ᠎ᠶᠢ ᠪᠦᠬᠦ ᠣᠷᠣᠨ ᠪᠦᠰᠡ᠎ᠪᠡᠷ ᠪᠦᠷᠬᠦᠭᠦᠯᠬᠦ᠎ᠶᠢ ᠪᠡᠶᠡᠯᠡᠭᠦᠯᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号