ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ  -   ᠬᠥᠷᠥᠰᠥ ᠰᠢᠷᠣᠢ ᠵᠢᠨ ᠪᠣᠬᠢᠷᠳᠤᠯ᠎ᠤᠨ ᠨᠠᠷᠢᠨ ᠪᠠᠢ᠌ᠴᠠᠭ᠋ᠠᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2024 ᠣᠨ᠎ᠤ 12 ᠰᠠᠷ᠎ᠠ ᠵᠢᠨ ᠰᠡᠭᠦᠯᠴᠢ ᠪᠣᠯᠲᠠᠯ᠎ᠠ)
ᠨᠡᠶ᠋ᠢᠲᠡᠯᠡᠭᠰᠡᠨ ᠴᠠᠭ᠄ 2025-01-16

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ 《ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ ᠵᠢᠴᠢ ᠵᠠᠰᠠᠨ ᠰᠡᠷᠭᠦᠭᠡᠬᠦ ᠠᠵᠢᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠵᠢᠭ᠋ᠠᠯᠲᠠ》 ᠵᠢ ᠦᠨᠳᠦᠰᠦᠯᠡᠵᠦ᠂ ᠮᠠᠨ᠎ᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠬᠦ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠲᠥᠷᠥᠯ ᠵᠦᠢ᠍ᠯ᠎ᠢ ᠦᠨᠡᠯᠡᠨ ᠵᠢᠱ᠌ᠢᠭᠰᠡᠨ ᠪᠠᠶ᠋ᠢᠳᠠᠯ᠎ᠲᠠᠢ ᠤᠶᠠᠯᠳᠤᠭᠤᠯᠤᠨ᠂ ᠡᠳᠦᠭᠡ 2024 ᠣᠨ᠎ᠤ ᠡᠴᠦᠰ ᠪᠣᠯᠲᠠᠯᠠᠬᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ ᠵᠢ ᠰᠢᠯᠵᠢᠭᠦᠯᠦᠨ ᠭᠠᠷᠭ᠋ᠠᠭᠰᠠᠨ ᠨᠠᠷᠢᠨ ᠲᠠᠩᠰᠠ》 ᠵᠢ ᠨᠡᠢ᠌ᠲᠡᠯᠡᠨ᠎ᠡ᠃ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠤᠭᠰᠠᠨ ᠭᠠᠵᠠᠷ᠎ᠢ ᠣᠷᠣᠨ ᠰᠠᠭᠤᠴᠠ᠂ ᠤᠯᠠᠨ ᠨᠠᠢ᠌ᠳᠠ ᠵᠢᠨ ᠬᠠᠮᠢᠶᠠᠷᠤᠯᠲᠠ ᠬᠢᠭᠡᠳ ᠤᠯᠠᠨ ᠨᠠᠢ᠌ᠳᠠ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ ᠪᠣᠯᠭ᠋ᠠᠵᠤ ᠪᠣᠯᠬᠤ ᠦᠭᠡᠢ᠃ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ᠎ᠳᠤ ᠲᠣᠭᠲᠠᠭ᠋ᠠᠭᠰᠠᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦ ᠬᠠᠷᠠᠯᠲᠠ᠎ᠳᠤ ᠦᠯᠦ ᠬᠦᠷᠦᠭᠰᠡᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠰᠡᠭ᠎ᠲᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠵᠠᠰᠠᠨ ᠰᠡᠷᠭᠦᠭᠡᠬᠦ᠎ᠯᠦᠭᠡ ᠬᠠᠮᠢᠶ᠎ᠠ ᠦᠭᠡᠢ ᠶᠠᠮᠠᠷᠪᠠ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠬᠤ ᠵᠢ ᠴᠠᠭ᠋ᠠᠵᠠᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号