ᠰᠢ ᠵᠢᠨ ᠫᠢᠩ
ᠮᠠᠨ᠎ᠤ ᠨᠠᠮ ᠳᠡᠯᠡᠬᠡᠢ ᠳᠡᠭᠡᠷᠡᠬᠢ ᠬᠠᠮᠤᠭ᠎ᠤᠨ ᠲᠣᠮᠣ ᠮᠠᠷᠺᠰ᠎ᠤᠨ ᠦᠵᠡᠯ᠎ᠤᠨ ᠲᠥᠷᠥ ᠪᠠᠷᠢᠭᠴᠢ ᠨᠠᠮ ᠪᠣᠯᠤᠭᠰᠠᠨ᠎ᠤ ᠬᠤᠪᠢ᠎ᠳᠤ᠂ ᠬᠡᠷᠬᠢᠨ ᠰᠠᠮᠠᠭᠤᠷᠠᠯ᠎ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ᠎ᠠᠴᠠ ᠠᠮᠵᠢᠯᠲᠠ᠎ᠲᠠᠢ ᠮᠤᠯᠲᠤᠷᠠᠵᠤ᠂ ᠨᠠᠮ᠎ᠤᠨ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ ᠪᠠᠶ᠋ᠢᠬᠤ ᠵᠢ ᠪᠠᠲᠤᠯᠠᠬᠤ ᠪᠤᠢ? ᠡᠨᠡ ᠪᠣᠯ ᠪᠦᠬᠦ ᠨᠠᠮ᠎ᠤᠨ ᠨᠥᠬᠥᠳ᠎ᠤᠨ ᠡᠮᠦᠨ᠎ᠡ ᠲᠠᠯᠪᠢᠭᠳᠠᠵᠤ ᠪᠠᠢ᠌ᠭ᠎ᠠ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠠᠭᠤᠤ ᠶᠡᠬᠡ ᠦᠢ᠍ᠯᠡᠳᠦᠯᠭᠡ ᠵᠢᠨ ᠳᠤᠮᠳᠠ᠂ ᠪᠢᠳᠡ ᠲᠠᠰᠤᠷᠠᠯᠲᠠ ᠦᠭᠡᠢ ᠦᠢ᠍ᠯᠡᠳᠦᠯᠭᠡ ᠵᠢᠨ ᠰᠦᠪᠡᠭᠴᠢᠯᠡᠯᠲᠡ ᠪᠠ ᠤᠨᠤᠯ᠎ᠤᠨ ᠪᠣᠳᠣᠯᠬᠢᠯᠠᠯ ᠬᠢᠵᠦ᠂ ᠮᠠᠤ ᠽᠦ᠍ ᠳ᠋ᠦᠩ ᠨᠥᠬᠥᠷ᠎ᠤᠨ ᠲᠤᠬᠠᠢ ᠵᠢᠨ ᠵᠢᠯ᠎ᠳᠤ ᠥᠭᠭᠦᠭᠰᠡᠨ 《ᠠᠷᠠᠳ ᠲᠦᠮᠡᠨ ᠵᠶ᠋ᠡᠷ ᠵᠠᠰᠠᠭ᠎ᠤᠨ ᠣᠷᠳᠣᠨ᠎ᠳᠤ ᠬᠢᠨᠠᠯᠲᠠ ᠲᠠᠯᠪᠢᠭᠤᠯᠬᠤ》 ᠨᠢᠭᠡᠳᠦᠭᠡᠷ ᠬᠠᠷᠢᠭᠤᠯᠲᠠ ᠵᠢᠨ ᠰᠠᠭᠤᠷᠢᠨ ᠳᠡᠭᠡᠷ᠎ᠡ ᠬᠣᠶᠠᠳᠤᠭ᠋ᠠᠷ ᠬᠠᠷᠢᠭᠤᠯᠲᠠ ᠵᠢ ᠥᠭᠴᠡᠢ᠂ ᠡᠨᠡ᠎ᠨᠢ ᠳᠠᠷᠤᠢ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠠᠰᠤᠷᠠᠯᠲᠠ ᠦᠭᠡᠢ ᠠᠬᠢᠭᠤᠯᠬᠤ ᠶᠠᠪᠤᠳᠠᠯ ᠪᠣᠯᠣᠨ᠎ᠠ᠃
ᠰᠢᠨ᠎ᠡ ᠴᠠᠭ ᠦᠶ᠎ᠡ ᠵᠢᠨ 10 ᠵᠢᠯ᠎ᠳᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢ᠍ᠯᠡᠳᠦᠯᠭᠡ ᠪᠠ ᠤᠨᠤᠯ᠎ᠤᠨ ᠰᠦᠪᠡᠭᠴᠢᠯᠡᠯᠲᠡ ᠳᠤᠮᠳᠠ᠂ ᠪᠢᠳᠡ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠡᠯᠪᠡᠭ ᠪᠠᠶᠠᠯᠢᠭ ᠦᠢ᠍ᠯᠡᠳᠦᠯᠭᠡ ᠵᠢᠨ ᠲᠤᠷᠰᠢᠯᠭ᠎ᠠ ᠵᠢ ᠬᠤᠷᠠᠮᠳᠤᠭᠤᠯᠵᠤ᠂ ᠠᠯᠢ ᠤᠯᠠᠨ ᠴᠢᠬᠤᠯᠠ ᠤᠨᠤᠯ᠎ᠤᠨ ᠦᠷ᠎ᠡ ᠪᠦᠲᠦᠭᠡᠯ᠎ᠢ ᠪᠦᠷᠢᠯᠳᠦᠭᠦᠯᠵᠦ᠂ ᠮᠠᠨ᠎ᠤ ᠨᠠᠮ ᠶᠠᠭᠤᠨ᠎ᠳᠤ ᠥᠪᠡᠷ ᠪᠡᠶ᠎ᠡ ᠵᠢᠨ ᠬᠤᠪᠢᠰᠬᠠᠯ ᠬᠢᠬᠦ᠂ ᠶᠠᠭᠤᠨ᠎ᠳᠤ ᠥᠪᠡᠷ ᠪᠡᠶ᠎ᠡ ᠵᠢᠨ ᠬᠤᠪᠢᠰᠬᠠᠯ ᠬᠢᠵᠦ ᠳᠡᠢ᠌ᠯᠬᠦ᠂ ᠥᠪᠡᠷ ᠪᠡᠶ᠎ᠡ ᠵᠢᠨ ᠬᠤᠪᠢᠰᠬᠠᠯ ᠵᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠬᠡ ᠠᠰᠠᠭᠤᠳᠠᠯ᠎ᠳᠤ ᠰᠢᠰᠲ᠋ᠧᠮ᠎ᠲᠠᠢ ᠬᠠᠷᠢᠭᠤᠯᠲᠠ ᠥᠭᠪᠡ᠃
ᠮᠠᠨ᠎ᠤ ᠨᠠᠮ᠎ᠤᠨ ᠬᠥᠭᠡᠭᠡᠴᠡᠯᠳᠦᠵᠦ ᠪᠠᠢ᠌ᠭ᠎ᠠ ᠬᠦᠰᠡᠯᠡᠩ ᠪᠣᠯ ᠡᠷᠬᠢᠮ ᠳᠡᠭᠡᠳᠦ ᠪᠥᠭᠡᠳ ᠠᠷᠢᠭᠤᠨ ᠳᠠᠷᠬᠠᠨ ᠶᠤᠮ᠂ ᠡᠭᠦᠷᠭᠡᠯᠡᠵᠦ ᠪᠠᠢ᠌ᠭ᠎ᠠ ᠡᠭᠦᠷᠭᠡ ᠬᠠᠷᠢᠭᠤᠴᠠᠯᠭ᠎ᠠ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠢ᠌ᠳᠠᠭ᠂ ᠭᠠᠭᠴᠠ ᠬᠦ᠌ ᠴᠠᠭ ᠦᠶ᠎ᠡ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠪᠠᠷ ᠥᠪᠡᠷ᠎ᠢ᠎ᠪᠠᠨ ᠬᠢᠨᠠᠨ ᠰᠢᠨᠵᠢᠵᠦ᠂ ᠴᠢᠩᠭ᠎ᠠ ᠲᠤᠯᠭ᠋ᠠᠮ ᠰᠠᠨᠠᠭ᠋ᠠᠰᠢᠷᠠᠬᠤ ᠤᠬᠠᠮᠰᠠᠷ ᠵᠶ᠋ᠠᠷ ᠥᠪᠡᠷ᠎ᠢ᠎ᠪᠠᠨ ᠰᠡᠷᠡᠮᠵᠢᠯᠡᠭᠦᠯᠵᠦ᠂ ᠥᠪᠡᠷ ᠪᠡᠶ᠎ᠡ ᠵᠢᠨ ᠬᠤᠪᠢᠰᠬᠠᠯ ᠬᠢᠬᠦ ᠵᠣᠷᠢᠭ ᠰᠠᠨᠠᠭ᠎ᠠ᠎ᠪᠠᠷ ᠥᠪᠡᠷ᠎ᠢ᠎ᠪᠠᠨ ᠳᠠᠪᠲᠠᠨ ᠪᠣᠯᠪᠠᠰᠤᠷᠠᠭᠤᠯᠵᠤ᠂ ᠤᠳᠤᠷᠢᠳᠬᠤ ᠴᠢᠳᠠᠪᠤᠷᠢ ᠪᠠ ᠲᠥᠷᠥ ᠪᠠᠷᠢᠬᠤ ᠬᠢᠷᠢ ᠬᠡᠮᠵᠢᠶ᠎ᠡ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠪᠡᠯ ᠰᠠᠶᠢ ᠨᠠᠮ᠎ᠤᠨ ᠢᠮᠠᠭᠲᠠ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠢᠮᠠᠭᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠢ᠍ᠯᠡᠰ᠎ᠤᠨ ᠪᠠᠲᠤ ᠴᠢᠩᠭ᠎ᠠ ᠤᠳᠤᠷᠢᠳᠬᠤ ᠭᠣᠣᠯᠯᠠᠭᠴᠢ ᠪᠣᠯᠵᠤ ᠴᠢᠳᠠᠨ᠎ᠠ᠃ ᠡᠭᠦᠨ᠎ᠤ ᠬᠠᠮᠲᠤ᠂ ᠪᠠᠶ᠋ᠢᠳᠠᠯ ᠡᠭᠦᠷᠭᠡ᠂ ᠭᠠᠳᠠᠭ᠋ᠠᠳᠤ ᠣᠷᠴᠢᠨ ᠨᠥᠬᠥᠴᠡᠯ᠎ᠤᠨ ᠬᠤᠪᠢᠷᠠᠯᠲᠠ ᠪᠠ ᠨᠠᠮ᠎ᠤᠨ ᠭᠡᠰᠢᠭᠦᠨ᠎ᠤ ᠡᠩᠨᠡᠭᠡᠨ᠎ᠤ ᠲᠤᠰ ᠪᠡᠶ᠎ᠡ ᠵᠢᠨ ᠬᠤᠪᠢᠷᠠᠯᠲᠠ ᠵᠢ ᠳᠠᠭ᠋ᠠᠯᠳᠤᠨ᠂ ᠨᠠᠮ᠎ᠤᠨ ᠳᠣᠲᠣᠭ᠋ᠠᠳᠤ᠎ᠳᠤ ᠡᠯ᠎ᠡ ᠵᠦᠢ᠍ᠯ᠎ᠤᠨ ᠵᠥᠷᠢᠴᠡᠯ ᠪᠠ ᠠᠰᠠᠭᠤᠳᠠᠯ ᠭᠠᠷᠬᠤ᠎ᠨᠢ ᠵᠠᠢ᠌ᠯᠠᠰᠢ ᠦᠭᠡᠢ ᠶᠤᠮ᠂ ᠡᠷᠬᠡᠪᠰᠢ ᠬᠢᠲᠤᠭ᠎ᠠ ᠵᠢᠨ ᠢᠷ᠎ᠢ ᠳᠣᠲᠣᠭᠰᠢ᠎ᠪᠠᠨ ᠬᠠᠨᠳᠤᠭᠤᠯᠬᠤ ᠰᠥᠰᠥ ᠵᠣᠷᠢᠭ ᠵᠶ᠋ᠠᠷ ᠡᠯ᠎ᠡ ᠵᠦᠢ᠍ᠯ᠎ᠤᠨ ᠨᠠᠵᠠᠭ᠋ᠠᠢ ᠨᠥᠯᠥᠭᠡ ᠵᠢ ᠴᠠᠭ ᠲᠤᠬᠠᠢᠳᠤᠨᠢ ᠠᠷᠢᠯᠭ᠋ᠠᠵᠤ᠂ ᠨᠠᠮ᠎ᠤᠨ ᠢᠮᠠᠭᠲᠠ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ ᠪᠠ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠵᠶ᠋ᠡᠷ ᠪᠢᠯᠬᠠᠬᠤ ᠵᠢ ᠦᠨᠡᠨ ᠬᠦ᠌ ᠪᠠᠲᠤᠯᠠᠬᠤ ᠴᠢᠬᠤᠯᠠᠲᠠᠢ ᠭᠡᠳᠡᠭ᠎ᠢ ᠣᠯᠵᠤ ᠬᠠᠷᠠᠬᠤ ᠬᠡᠷᠡᠭᠲᠡᠶ᠃ ᠡᠨᠡ᠎ᠨᠢ ᠳᠠᠷᠤᠢ ᠶᠠᠭᠤᠨ᠎ᠤ ᠤᠴᠢᠷ᠎ᠠᠴᠠ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠠᠬᠢᠭᠤᠯᠬᠤ ᠵᠢᠨ ᠤᠴᠢᠷ ᠶᠣᠰᠣ ᠪᠣᠯᠣᠨ᠎ᠠ᠃

2024 ᠣᠨ᠎ᠤ 1 ᠰᠠᠷ᠎ᠠ ᠵᠢᠨ 8᠎ᠤ ᠡᠳᠦᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ
ᠵᠣᠷᠢᠭᠲᠠᠢ᠎ᠪᠠᠷ ᠥᠪᠡᠷ ᠪᠡᠶ᠎ᠡ ᠵᠢᠨ ᠬᠤᠪᠢᠰᠬᠠᠯ ᠬᠢᠬᠦ ᠪᠣᠯ ᠮᠠᠨ᠎ᠤ ᠨᠠᠮ᠎ᠤᠨ ᠬᠠᠮᠤᠭ᠎ᠤᠨ ᠢᠯᠡ ᠲᠣᠳᠣ ᠵᠠᠩ ᠰᠤᠷᠲᠠᠯ ᠪᠠ ᠬᠠᠮᠤᠭ᠎ᠤᠨ ᠶᠡᠬᠡ ᠳᠠᠪᠠᠭᠤᠯᠢᠭ ᠲᠠᠯ᠎ᠠ ᠮᠥᠨ᠃ ᠨᠠᠮ᠎ᠤᠨ ᠰᠢᠨᠵᠢ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠨᠢ ᠮᠠᠨ᠎ᠤ ᠨᠠᠮ᠎ᠤᠨ ᠢᠮᠠᠭᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠲᠥᠯᠥᠭᠡᠯᠡᠬᠦ ᠵᠢ ᠲᠣᠭᠲᠠᠭ᠋ᠠᠭᠰᠠᠨ ᠶᠤᠮ᠃ ᠬᠤᠪᠢ ᠵᠢᠨ ᠠᠰᠢᠭ ᠲᠤᠰᠠ ᠵᠢ ᠬᠥᠭᠡᠭᠡᠴᠡᠯᠳᠦᠬᠦ ᠦᠭᠡᠢ ᠪᠣᠯ ᠳᠠᠷᠤᠢ ᠲᠤᠶ᠋ᠢᠯᠪᠤᠷᠢᠲᠠᠶ ᠥᠪᠡᠷ ᠪᠡᠶ᠎ᠡ ᠵᠢᠨ ᠬᠤᠪᠢᠰᠬᠠᠯ ᠬᠢᠬᠦ ᠵᠣᠷᠢᠭ ᠰᠠᠨᠠᠭ᠎ᠠ᠎ᠲᠠᠢ ᠪᠣᠯᠵᠤ᠂ ᠳᠠᠷᠤᠢ ᠦᠨᠳᠦᠰᠦᠨ ᠵᠦᠢ᠍ᠯ᠎ᠢ ᠪᠣᠳᠣᠯᠬᠢᠯᠠᠵᠤ᠂ ᠶᠡᠬᠡ ᠠᠰᠢᠭ᠎ᠢ ᠪᠣᠳᠣᠯᠬᠢᠯᠠᠵᠤ᠂ ᠳᠠᠷᠤᠢ ᠦᠨᠡᠨ ᠶᠣᠰᠣ ᠵᠢ ᠪᠠᠷᠢᠮᠲᠠᠯᠠᠨ᠂ ᠠᠯᠳᠠᠭ᠎ᠠ ᠪᠤᠷᠤᠭᠤ᠎ᠪᠠᠨ ᠵᠠᠯᠠᠷᠠᠭᠤᠯᠵᠤ᠂ ᠵᠣᠷᠢᠭᠲᠠᠢ᠎ᠪᠠᠷ ᠥᠪᠡᠷ᠎ᠢ᠎ᠪᠠᠨ ᠪᠠᠢ᠌ᠴᠠᠭ᠋ᠠᠨ ᠦᠵᠡᠵᠦ᠂ ᠠᠯᠳᠠᠭ᠎ᠠ ᠪᠤᠷᠤᠭᠤ᠎ᠪᠠᠨ ᠦᠷᠭᠦᠯᠵᠢ ᠪᠤᠳᠤᠵᠤ ᠲᠤᠩᠭ᠋ᠠᠵᠤ ᠴᠢᠳᠠᠨ᠎ᠠ; ᠡᠪᠡᠳᠴᠢᠨ ᠵᠶ᠋ᠡᠨ ᠨᠢᠭᠤᠭ᠋ᠠᠳ ᠡᠮᠨᠡᠭᠦᠯᠬᠦ ᠦᠭᠡᠢ ᠪᠠᠢ᠌ᠵᠤ ᠪᠣᠯᠬᠤ ᠦᠭᠡᠢ᠂ ᠠᠯᠳᠠᠭ᠎ᠠ ᠪᠤᠷᠤᠭᠤ᠎ᠪᠠᠨ ᠨᠢᠭᠤᠵᠤ ᠳᠠᠯᠳᠠᠯᠠᠵᠤ ᠪᠣᠯᠬᠤ ᠦᠭᠡᠢ᠂ ᠥᠪᠡᠷ᠎ᠤᠨ ᠪᠡᠶ᠎ᠡ᠎ᠳᠡᠭᠡᠨ ᠣᠷᠣᠰᠢᠵᠤ ᠪᠠᠢ᠌ᠭ᠎ᠠ ᠠᠰᠠᠭᠤᠳᠠᠯ ᠵᠶ᠋ᠠᠨ ᠴᠠᠭ ᠲᠤᠬᠠᠢᠳᠤᠨᠢ ᠢᠯᠡᠷᠡᠭᠦᠯᠦᠨ ᠰᠢᠢ᠍ᠳᠪᠦᠷᠢᠯᠡᠪᠡᠯ᠂ ᠠᠯᠢᠪᠠ ᠠᠰᠢᠭ ᠲᠤᠰᠠ ᠵᠢᠨ ᠪᠦᠯᠦᠭᠯᠡᠯ᠂ ᠡᠷᠬᠡ ᠰᠦᠷᠲᠦ ᠪᠦᠯᠬᠦᠮ᠂ ᠣᠨᠴᠠ ᠡᠷᠬᠡᠲᠦ ᠠᠩᠭᠢ ᠵᠢᠨ 《ᠪᠦᠰᠡᠯᠡᠨ ᠠᠪᠠᠯᠠᠵᠤ》 ᠢᠯᠵᠢᠷᠡᠭᠦᠯᠬᠦ᠎ᠳᠤ ᠬᠦᠴᠦᠲᠡᠢ ᠬᠠᠷᠢᠭᠤ ᠴᠣᠬᠢᠯᠲᠠ ᠥᠭᠴᠦ ᠴᠢᠳᠠᠨ᠎ᠠ᠃ ᠡᠨᠡ ᠪᠣᠯ ᠮᠠᠨ᠎ᠤ ᠨᠠᠮ᠎ᠤᠨ ᠢᠮᠠᠭᠲᠠ ᠲᠡᠷᠢᠭᠦᠨ᠎ᠤ ᠴᠢᠨᠠᠷ᠂ ᠴᠡᠪᠡᠷ ᠴᠢᠨᠠᠷ ᠵᠶ᠋ᠠᠨ ᠬᠠᠳᠠᠭ᠋ᠠᠯᠠᠬᠤ ᠵᠢᠨ ᠨᠢᠭᠤᠴᠠ ᠮᠥᠨ᠂ ᠪᠠᠰᠠ ᠴᠤ᠌ ᠮᠠᠨ᠎ᠤ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠠᠬᠢᠭᠤᠯᠬᠤ ᠵᠢᠨ ᠢᠳᠡ ᠬᠦᠴᠦ ᠮᠥᠨ᠃
ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠭᠦᠨᠵᠡᠭᠡᠢ ᠠᠬᠢᠭᠤᠯᠬᠤ᠎ᠳᠤ᠂ ᠦᠢ᠍ᠯᠡᠳᠦᠯᠭᠡ ᠵᠢᠨ ᠳᠤᠮᠳᠠ ᠳᠣᠣᠷᠠᠬᠢ ᠠᠰᠠᠭᠤᠳᠠᠯ᠎ᠤᠳ᠎ᠢ ᠰᠠᠶ᠋ᠢᠲᠤᠷ ᠡᠵᠡᠮᠳᠡᠬᠦ ᠴᠢᠬᠤᠯᠠᠲᠠᠢ᠃
ᠨᠢᠭᠡᠳᠦᠭᠡᠷ᠎ᠲᠤ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠠᠷᠢᠮᠲᠠᠯᠠᠬᠤ᠎ᠪᠠᠷ ᠦᠨᠳᠦᠰᠦᠨ ᠪᠠᠲᠤᠯᠠᠭ᠎ᠠ ᠪᠣᠯᠭ᠋ᠠᠬᠤ ᠬᠡᠷᠡᠭᠲᠡᠢ᠃ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠦᠯᠬᠢᠨ ᠠᠬᠢᠭᠤᠯᠬᠤ ᠪᠣᠯ ᠮᠠᠨ᠎ᠤ ᠨᠠᠮ᠎ᠤᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠬᠤ ᠤᠬᠠᠮᠰᠠᠷᠲᠤ ᠠᠵᠢᠯᠯᠠᠭ᠎ᠠ ᠮᠥᠨ᠂ ᠨᠠᠮ ᠵᠶ᠋ᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭ᠋ᠠᠨ ᠪᠠᠢ᠌ᠭᠤᠯᠵᠤ᠂ ᠨᠠᠮ᠎ᠤᠨ ᠤᠳᠤᠷᠢᠳᠤᠯᠭ᠎ᠠ ᠵᠢ ᠨᠡᠩ ᠰᠠᠶ᠋ᠢᠲᠤᠷ ᠪᠠᠷᠢᠮᠲᠠᠯᠠᠨ ᠴᠢᠩᠭ᠋ᠠᠳᠬᠠᠬᠤ ᠵᠢᠨ ᠲᠥᠯᠥᠭᠡ ᠶᠤᠮ᠃ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠦᠯᠬᠢᠨ ᠠᠬᠢᠭᠤᠯᠬᠤ᠎ᠳᠤ ᠡᠷᠬᠡᠪᠰᠢ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠵᠢᠨ ᠳᠣᠣᠷ᠎ᠠ᠂ ᠨᠢᠭᠡᠳᠦᠯᠲᠡᠢ ᠲᠥᠯᠥᠪᠯᠡᠨ᠂ ᠨᠢᠭᠡᠳᠦᠯᠲᠡᠢ ᠪᠠᠢ᠌ᠷᠢᠯᠠᠭᠤᠯᠵᠤ᠂ ᠨᠢᠭᠡᠳᠦᠯᠲᠡᠢ ᠲᠦᠯᠬᠢᠨ ᠠᠬᠢᠭᠤᠯᠵᠤ᠂ ᠢᠮᠠᠭᠲᠠ ᠵᠥᠪ ᠴᠢᠭᠯᠡᠯ ᠵᠶ᠋ᠡᠷ ᠤᠷᠤᠭᠰᠢᠯᠠᠬᠤ ᠬᠡᠷᠡᠭᠲᠡᠶ᠃
ᠬᠣᠶᠠᠳᠤᠭ᠋ᠠᠷ᠎ᠲᠤ᠂ ᠠᠭᠤᠤ ᠶᠡᠬᠡ ᠨᠡᠢ᠌ᠭᠡᠮ᠎ᠤᠨ ᠬᠤᠪᠢᠰᠬᠠᠯ᠎ᠢ ᠬᠥᠲᠥᠯᠥᠨ ᠳᠠᠭ᠋ᠠᠭᠤᠯᠬᠤ᠎ᠪᠠᠷ ᠦᠨᠳᠦᠰᠦᠨ ᠵᠣᠷᠢᠯᠭ᠎ᠠ ᠪᠣᠯᠭ᠋ᠠᠬᠤ ᠬᠡᠷᠡᠭᠲᠡᠢ᠃ ᠠᠭᠤᠤ ᠶᠡᠬᠡ ᠨᠡᠢ᠌ᠭᠡᠮ᠎ᠤᠨ ᠬᠤᠪᠢᠰᠬᠠᠯ᠎ᠤᠨ ᠦᠢ᠍ᠯᠡᠳᠦᠯᠭᠡ ᠵᠢᠨ ᠰᠢᠨ᠎ᠡ ᠱᠠᠭ᠋ᠠᠷᠳᠠᠯᠭ᠎ᠠ᠎ᠳᠤ ᠴᠢᠭᠯᠡᠭᠦᠯᠦᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠥᠯᠥᠪᠵᠢᠭᠦᠯᠵᠦ᠂ ᠠᠭᠤᠤ ᠶᠡᠬᠡ ᠨᠡᠢ᠌ᠭᠡᠮ᠎ᠤᠨ ᠬᠤᠪᠢᠰᠬᠠᠯ᠎ᠤᠨ ᠬᠥᠭᠵᠢᠯᠲᠡ ᠵᠢᠨ ᠰᠢᠨ᠎ᠡ ᠦᠷ᠎ᠡ ᠪᠦᠲᠦᠭᠡᠯ ᠵᠶ᠋ᠡᠷ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠭᠰᠡᠨ ᠪᠣᠳᠠᠲᠤ ᠦᠷ᠎ᠡ ᠪᠦᠲᠦᠮᠵᠢ ᠵᠢ ᠰᠢᠯᠭ᠋ᠠᠵᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ᠎ᠪᠠᠷ ᠠᠭᠤᠤ ᠶᠡᠬᠡ ᠨᠡᠢ᠌ᠭᠡᠮ᠎ᠤᠨ ᠬᠤᠪᠢᠰᠬᠠᠯ᠎ᠢ ᠬᠥᠲᠥᠯᠥᠨ ᠳᠠᠭ᠋ᠠᠭᠤᠯᠵᠤ᠂ ᠠᠭᠤᠤ ᠶᠡᠬᠡ ᠨᠡᠢ᠌ᠭᠡᠮ᠎ᠤᠨ ᠬᠤᠪᠢᠰᠬᠠᠯ ᠵᠶ᠋ᠠᠷ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠠᠬᠢᠭᠤᠯᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠶ᠃ ᠣᠳᠣᠬᠠᠨ᠎ᠳᠤ᠂ ᠨᠠᠮ᠎ᠤᠨ ᠭᠣᠣᠯ ᠡᠭᠦᠷᠭᠡ᠎ᠲᠠᠢ ᠨᠢᠭᠲᠠ ᠤᠶᠠᠯᠳᠤᠭᠤᠯᠤᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠥᠯᠥᠪᠵᠢᠭᠦᠯᠦᠨ ᠠᠬᠢᠭᠤᠯᠵᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠨᠠᠮ᠎ᠤᠨ ᠭᠣᠣᠯ ᠡᠭᠦᠷᠭᠡ᠎ᠳᠤ ᠨᠡᠩ ᠰᠠᠢ᠍ᠢ᠍ᠨ ᠳᠠᠭ᠋ᠠᠭᠤᠯᠬᠤ ᠪᠠ ᠲᠡᠭᠦᠨ᠎ᠳᠤ ᠨᠡᠩ ᠰᠠᠢ᠍ᠢ᠍ᠨ ᠦᠢ᠍ᠯᠡᠴᠢᠯᠡᠭᠦᠯᠬᠦ ᠬᠡᠷᠡᠭᠲᠡᠶ᠃

2024 ᠣᠨ᠎ᠤ 10 ᠰᠠᠷ᠎ᠠ ᠵᠢᠨ 15᠎ᠤ ᠡᠳᠦᠷ᠎ᠠᠴᠠ 16᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠹᠦᠵᠢᠶᠠᠨ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠵᠢᠷᠤᠭ ᠪᠣᠯ 15᠎ᠤ ᠡᠳᠦᠷ᠎ᠤᠨ ᠦᠳᠡ ᠵᠢᠨ ᠬᠣᠢ᠌ᠨ᠎ᠠ ᠰᠢ ᠵᠢᠨ ᠫᠢᠩ ᠵᠠᠩᠵᠧᠤ ᠬᠣᠲᠠ ᠵᠢᠨ ᠳ᠋ᠦᠩᠱ᠌ᠠᠨ ᠰᠢᠶᠠᠨ᠎ᠤ ᠬᠥ᠋ ᠸᠸᠨ ᠴᠠᠩ᠎ᠤᠨ ᠳᠤᠷᠠᠰᠬᠠᠯ᠎ᠤᠨ ᠣᠷᠳᠣᠨ᠎ᠳᠤ ᠠᠵᠢᠯ ᠪᠠᠢ᠌ᠴᠠᠭ᠋ᠠᠵᠤ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ
ᠭᠤᠷᠪᠠᠳᠤᠭ᠋ᠠᠷ᠎ᠲᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭ᠋ᠠᠬᠤ ᠬᠡᠷᠡᠭᠲᠡᠢ᠃ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠦᠯᠬᠢᠨ ᠠᠬᠢᠭᠤᠯᠬᠤ᠎ᠳᠤ ᠡᠷᠬᠡᠪᠰᠢ ᠨᠠᠮ᠎ᠤᠨ ᠰᠢᠨ᠎ᠡ ᠡᠭᠦᠳᠦᠯᠲᠡ ᠵᠢᠨ ᠤᠨᠤᠯ ᠵᠶ᠋ᠠᠷ ᠪᠦᠬᠦ ᠨᠠᠮ᠎ᠢ ᠵᠡᠪᠰᠡᠭᠯᠡᠬᠦ ᠵᠢ ᠴᠥᠬᠥᠷᠡᠰᠢ ᠦᠭᠡᠢ ᠪᠠᠷᠢᠮᠲᠠᠯᠠᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠶ᠋ᠢᠭ᠋ᠠᠳ ᠭᠦᠨᠵᠡᠭᠡᠢ᠌ᠷᠡᠭᠦᠯᠦᠨ ᠬᠤᠪᠢᠷᠠᠭᠤᠯᠬᠤ ᠳᠡᠭᠡᠷ᠎ᠡ ᠬᠦᠴᠦ ᠲᠠᠯᠪᠢᠭᠤᠯᠵᠤ᠂ ᠲᠡᠭᠦᠨ᠎ᠤ ᠳᠣᠲᠣᠷ᠎ᠠ ᠠᠭᠤᠯᠤᠭᠳᠠᠵᠤ ᠪᠠᠢ᠌ᠭ᠎ᠠ ᠡᠷᠡᠰ ᠪᠠᠲᠤ ᠬᠦᠰᠡᠯᠡᠩ ᠢᠲᠡᠭᠡᠯ ᠵᠣᠷᠢᠭ᠎ᠢ ᠰᠢᠩᠭᠡᠬᠡᠨ ᠠᠪᠴᠤ᠂ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭ᠋ᠠᠳᠬᠠᠨ᠂ ᠣᠶᠤᠨ ᠰᠠᠨᠠᠭ᠋ᠠᠨ᠎ᠤ ᠠᠬᠤᠢ ᠪᠠᠶ᠋ᠢᠳᠠᠯ ᠪᠠ ᠶᠣᠰᠣ ᠮᠣᠷᠠᠯ᠎ᠤᠨ ᠬᠢᠷᠢ ᠬᠡᠮᠵᠢᠶ᠎ᠡ ᠵᠡᠷᠭᠡ ᠦᠵᠡᠯ ᠰᠠᠨᠠᠭ᠋ᠠᠨ᠎ᠤ ᠰᠢᠮ᠎ᠡ ᠲᠡᠵᠢᠭᠡᠯ᠎ᠢ ᠳᠡᠭᠡᠭᠰᠢᠯᠡᠭᠦᠯᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠡᠷᠡᠰ ᠪᠠᠲᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃
ᠳᠥᠷᠪᠡᠳᠦᠭᠡᠷ᠎ᠲᠤ᠂ ᠲᠡᠦᠬᠡᠨ ᠦᠶᠡᠯᠡᠯ᠎ᠠᠴᠠ ᠮᠤᠯᠲᠤᠷᠠᠬᠤ᠎ᠪᠠᠷ ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠪᠣᠯᠭ᠋ᠠᠬᠤ ᠬᠡᠷᠡᠭᠲᠡᠢ᠃ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠦᠯᠬᠢᠨ ᠠᠬᠢᠭᠤᠯᠬᠤ ᠪᠣᠯ ᠰᠠᠮᠠᠭᠤᠷᠠᠯ᠎ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ᠎ᠠᠴᠠ ᠠᠮᠵᠢᠯᠲᠠ᠎ᠲᠠᠢ ᠮᠤᠯᠲᠤᠷᠠᠬᠤ ᠵᠢᠨ ᠴᠢᠬᠤᠯᠠ ᠡᠷᠳᠡᠨᠢ ᠮᠥᠨ᠃ ᠡᠨᠡ ᠬᠦ᠌ ᠪᠠᠢ᠌ᠯᠳᠤᠬᠤ ᠪᠣᠳᠣᠯᠭ᠎ᠠ ᠵᠢᠨ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠰᠡᠷᠡᠮᠵᠢ᠎ᠪᠠᠷ ᠨᠠᠮ᠎ᠤᠨ ᠡᠷᠡᠭᠦᠯ ᠴᠢᠭᠢᠷᠠᠭ ᠪᠡᠶ᠎ᠡ ᠮᠠᠬᠠᠪᠤᠳ᠎ᠢ ᠬᠣᠣᠷᠳᠠᠭᠤᠯᠵᠤ ᠪᠠᠢ᠌ᠭ᠎ᠠ ᠸᠢᠷᠦ᠋ᠰ᠎ᠢ ᠴᠠᠭ ᠲᠤᠬᠠᠢᠳᠤᠨᠢ ᠠᠷᠢᠯᠭ᠋ᠠᠵᠤ᠂ ᠨᠠᠮ᠎ᠤᠨ ᠲᠥᠷᠥ ᠪᠠᠷᠢᠬᠤ ᠰᠠᠭᠤᠷᠢ ᠵᠢ ᠬᠣᠬᠢᠷᠠᠭᠤᠯᠵᠤ ᠪᠠᠢ᠌ᠭ᠎ᠠ ᠡᠯ᠎ᠡ ᠵᠦᠢ᠍ᠯ᠎ᠤᠨ ᠳᠠᠯᠳᠠ ᠬᠡᠮ᠎ᠢ ᠴᠠᠭ ᠲᠤᠬᠠᠢᠳᠤᠨᠢ ᠠᠷᠢᠯᠭ᠋ᠠᠵᠤ᠂ ᠨᠠᠮ᠎ᠤᠨ ᠪᠡᠶ᠎ᠡ ᠮᠠᠬᠠᠪᠤᠳ᠎ᠤᠨ ᠡᠷᠡᠭᠦᠯ ᠮᠠᠨᠳᠤ ᠵᠢ ᠢᠮᠠᠭᠲᠠ ᠪᠠᠲᠤᠯᠠᠵᠤ᠂ ᠨᠠᠮ᠎ᠤᠨ ᠤᠷᠳᠤ ᠬᠤᠭᠤᠴᠠᠭ᠋ᠠᠨ᠎ᠤ ᠲᠥᠷᠥ ᠪᠠᠷᠢᠬᠤ ᠪᠠᠶ᠋ᠢᠷᠢ ᠰᠠᠭᠤᠷᠢ ᠵᠢ ᠲᠠᠰᠤᠷᠠᠯᠳᠠ ᠦᠭᠡᠢ ᠪᠡᠬᠢᠵᠢᠭᠦᠯᠬᠦ ᠬᠡᠷᠡᠭᠲᠡᠶ᠃
ᠲᠠᠪᠤᠳᠤᠭ᠋ᠠᠷ᠎ᠲᠤ᠂ ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯ ᠰᠢᠪᠲᠤᠯᠤᠯᠲᠠ ᠵᠢᠨ ᠴᠢᠭᠯᠡᠯ ᠪᠣᠯᠭ᠋ᠠᠬᠤ ᠬᠡᠷᠡᠭᠲᠡᠢ᠃ ᠮᠠᠨ᠎ᠤ ᠬᠡᠯᠡᠵᠦ ᠪᠠᠢ᠌ᠭ᠎ᠠ ᠶᠡᠬᠡ ᠨᠠᠮ᠎ᠳᠤ ᠯᠠ ᠪᠠᠢ᠌ᠳᠠᠭ ᠬᠦᠴᠢᠷ ᠠᠰᠠᠭᠤᠳᠠᠯ᠎ᠨᠢ ᠭᠣᠣᠯᠳᠠᠭᠤ 《ᠬᠡᠷᠬᠢᠨ ᠵᠢᠷᠭᠤᠭ᠋ᠠᠨ ᠢᠮᠠᠭᠲᠠ ᠶᠠᠪᠤᠭᠳᠠᠬᠤ》᠎ᠪᠠᠷ ᠢᠯᠡᠷᠡᠵᠦ ᠪᠠᠢ᠌ᠳᠠᠭ᠂ ᠡᠲᠡᠭᠡᠷ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠨᠢ ᠥᠷᠯᠥᠭᠡ ᠦᠳᠡᠰᠢ ᠵᠢᠨ ᠴᠢᠷᠮᠠᠢ᠌ᠯᠭ᠎ᠠ ᠤᠭᠲᠤ ᠪᠢᠰᠢ ᠶᠤᠮ᠃ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠠᠬᠢᠭᠤᠯᠬᠤ᠎ᠳᠤ ᠡᠷᠬᠡᠪᠰᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠵᠤ᠂ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠬᠠᠮᠵᠢᠯᠴᠠᠨ ᠬᠦᠴᠦᠯᠡᠵᠦ᠂ ᠰᠢᠨᠲᠠᠷᠠᠰᠢ ᠦᠭᠡᠢ ᠴᠢᠷᠮᠠᠢ᠌ᠵᠤ᠂ ᠤᠷᠳᠤ ᠬᠤᠭᠤᠴᠠᠭ᠎ᠠ᠎ᠪᠠᠷ ᠴᠢᠷᠮᠠᠢ᠌ᠨ ᠠᠵᠢᠯᠯᠠᠵᠤ᠂ ᠪᠠᠭ᠎ᠠ ᠠᠮᠵᠢᠯᠲᠠ ᠵᠢ ᠬᠤᠷᠠᠮᠳᠤᠭᠤᠯᠤᠨ ᠶᠡᠬᠡ ᠠᠮᠵᠢᠯᠲᠠ ᠵᠢ ᠣᠯᠵᠤ᠂ ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠲᠠᠰᠤᠷᠠᠯᠳᠠ ᠦᠭᠡᠢ ᠰᠢᠢ᠍ᠳᠪᠦᠷᠢᠯᠡᠬᠦ ᠳᠤᠮᠳᠠ ᠶᠡᠬᠡ ᠨᠠᠮ᠎ᠤᠨ ᠳᠠᠪᠠᠭᠤᠯᠢᠭ᠎ᠢ ᠢᠯᠡᠷᠡᠭᠦᠯᠬᠦ ᠬᠡᠷᠡᠭᠲᠡᠢ᠃
ᠵᠢᠷᠭᠤᠳᠤᠭ᠋ᠠᠷ᠎ᠲᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠬᠦ᠎ᠪᠠᠷ ᠪᠦᠲᠦᠮᠵᠢᠲᠡᠢ ᠠᠷᠭ᠎ᠠ ᠵᠠᠮ ᠪᠣᠯᠭ᠋ᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠴᠢᠩᠭ᠎ᠠ ᠡᠵᠡᠮᠳᠡᠨ᠂ ᠠᠭᠤᠯᠭ᠎ᠠ ᠵᠢᠨ ᠲᠠᠯ᠎ᠠ᠎ᠪᠠᠷ ᠪᠦᠬᠦᠨ᠎ᠢ ᠬᠠᠮᠤᠷᠬᠤ᠂ ᠡᠲᠡᠭᠡᠳ᠎ᠤᠨ ᠲᠠᠯ᠎ᠠ᠎ᠪᠠᠷ ᠪᠦᠬᠦᠨ᠎ᠢ ᠪᠦᠷᠬᠦᠭᠦᠯᠵᠦ᠂ ᠬᠠᠷᠢᠭᠤᠴᠠᠯᠭ᠎ᠠ ᠵᠢᠨ ᠲᠠᠯ᠎ᠠ᠎ᠪᠠᠷ ᠪᠦᠬᠦᠨ᠎ᠢ ᠬᠡᠯᠬᠢᠵᠦ᠂ ᠳᠦᠷᠢᠮ᠎ᠤᠨ ᠲᠠᠯ᠎ᠠ᠎ᠪᠠᠷ ᠪᠦᠬᠦᠨ᠎ᠢ ᠨᠡᠪᠲᠡᠷᠡᠭᠦᠯᠬᠦ ᠵᠢ ᠪᠠᠷᠢᠮᠲᠠᠯᠠᠵᠤ᠂ ᠳᠦᠷᠢᠮ ᠵᠶ᠋ᠡᠷ ᠨᠠᠮ᠎ᠢ ᠵᠠᠰᠠᠬᠤ᠂ ᠲᠣᠭᠲᠠᠭ᠋ᠠᠯ ᠵᠶ᠋ᠠᠷ ᠨᠠᠮ᠎ᠢ ᠵᠠᠰᠠᠬᠤ ᠵᠢ ᠪᠠᠷᠢᠮᠲᠠᠯᠠᠵᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠳᠦᠷᠢᠮ᠎ᠤᠨ ᠵᠢᠷᠤᠮᠵᠢᠯ᠎ᠤᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠮ᠎ᠤᠨ ᠥᠪᠡᠷ ᠪᠡᠶ᠎ᠡ ᠵᠢᠨ ᠬᠦᠴᠦᠨ᠎ᠳᠤ ᠲᠦᠰᠢᠭᠯᠡᠨ ᠠᠰᠠᠭᠤᠳᠠᠯ᠎ᠢ ᠢᠯᠡᠷᠡᠭᠦᠯᠬᠦ᠂ ᠵᠥᠷᠢᠶ᠎ᠡ ᠵᠢ ᠵᠠᠯᠠᠷᠠᠭᠤᠯᠬᠤ᠂ ᠰᠢᠨ᠎ᠡ ᠵᠢ ᠡᠭᠦᠳᠬᠦ ᠵᠢ ᠠᠬᠢᠭᠤᠯᠬᠤ᠂ ᠲᠥᠷᠥ ᠪᠠᠷᠢᠬᠤ ᠴᠢᠳᠠᠪᠤᠷᠢ ᠵᠢᠨ ᠪᠦᠬᠦᠯᠢ ᠴᠣᠭᠴᠠᠲᠤ ᠴᠢᠨᠠᠷ᠎ᠤᠨ ᠳᠡᠭᠡᠭᠰᠢᠯᠡᠯᠲᠡ ᠵᠢ ᠪᠡᠶᠡᠯᠡᠭᠦᠯᠬᠦ ᠰᠠᠢ᠍ᠢ᠍ᠨ ᠣᠷᠴᠢᠯ᠎ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ᠃
ᠳᠣᠯᠣᠳᠤᠭ᠋ᠠᠷ᠎ᠲᠤ᠂ ᠪᠠᠲᠤ ᠴᠢᠩᠭ᠎ᠠ ᠵᠣᠬᠢᠶᠠᠨ ᠪᠠᠢ᠌ᠭᠤᠯᠤᠯᠲᠠ ᠵᠢ ᠳᠠᠪᠲᠠᠨ ᠪᠣᠯᠪᠠᠰᠤᠷᠠᠭᠤᠯᠬᠤ᠂ ᠰᠢᠯᠭ᠋ᠠᠷᠠᠭᠰᠠᠨ ᠡᠩᠨᠡᠭᠡ ᠵᠢ ᠪᠠᠢ᠌ᠭᠤᠯᠬᠤ᠎ᠪᠠᠷ ᠴᠢᠬᠤᠯᠠ ᠬᠦᠴᠦᠯᠡᠬᠦ ᠴᠡᠭ ᠪᠣᠯᠭ᠋ᠠᠬᠤ ᠬᠡᠷᠡᠭᠲᠡᠶ᠃ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠤᠭᠤᠮ᠎ᠢ ᠭᠦᠨᠵᠡᠭᠡᠢ ᠲᠤᠭᠤᠰᠢᠯᠠᠭᠤᠯᠵᠤ᠂ ᠳᠡᠭᠡᠷ᠎ᠡ ᠳᠣᠣᠷ᠎ᠠ ᠱᠠᠲᠤ ᠨᠡᠪᠲᠡᠷᠡᠭᠰᠡᠨ᠂ ᠡᠷᠴᠢᠮ ᠬᠦᠴᠦᠲᠡᠢ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ ᠲᠥᠷᠥ ᠵᠢᠨ ᠴᠢᠳᠠᠪᠬᠢ ᠪᠣᠯᠣᠨ ᠵᠣᠬᠢᠶᠠᠨ ᠪᠠᠢ᠌ᠭᠤᠯᠤᠯᠲᠠ ᠵᠢᠨ ᠴᠢᠳᠠᠪᠬᠢ ᠵᠢ ᠴᠢᠩᠭ᠋ᠠᠳᠬᠠᠵᠤ᠂ ᠨᠠᠮ᠎ᠤᠨ ᠤᠳᠤᠷᠢᠳᠤᠯᠭ᠎ᠠ ᠰᠤᠯᠠᠷᠠᠵᠤ᠂ ᠨᠠᠮ᠎ᠤᠨ ᠪᠠᠢ᠌ᠭᠤᠯᠤᠯᠲᠠ ᠳᠤᠲᠠᠭᠳᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠬᠦᠴᠦᠨ ᠮᠡᠬᠦᠰᠳᠡᠵᠦ ᠪᠠᠶ᠋ᠢᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠦᠬᠦ ᠲᠠᠯ᠎ᠠ᠎ᠪᠠᠷ ᠲᠠᠪᠰᠢᠬᠤ᠂ ᠪᠦᠬᠦ ᠲᠠᠯ᠎ᠠ᠎ᠪᠠᠷ ᠰᠢᠯᠭ᠋ᠠᠷᠠᠬᠤ ᠵᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠰᠠᠢ᠍ᠢ᠍ᠨ ᠺᠠᠳ᠋ᠷ᠎ᠤᠨ ᠪᠠᠷᠢᠮᠵᠢᠶ᠎ᠠ ᠵᠢ ᠨᠠᠢ᠌ᠳᠠᠪᠤᠷᠢᠵᠢᠭᠤᠯᠬᠤ ᠵᠢ ᠪᠠᠷᠢᠮᠲᠠᠯᠠᠵᠤ᠂ ᠤᠯᠤᠰ ᠲᠥᠷᠥ ᠵᠢᠨ ᠪᠣᠭᠣᠮᠲᠠ᠂ ᠴᠢᠳᠠᠪᠤᠷᠢ ᠵᠢᠨ ᠪᠣᠭᠣᠮᠲᠠ᠂ ᠠᠷᠢᠭᠤᠨ ᠴᠢᠬᠡᠴᠢ ᠵᠢᠨ ᠪᠣᠭᠣᠮᠲᠠ ᠵᠢ ᠴᠢᠩᠭ᠎ᠠ ᠰᠠᠬᠢᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ᠎ᠲᠠᠢ ᠪᠣᠯᠭ᠋ᠠᠬᠤ ᠬᠡᠷᠡᠭᠲᠡᠢ᠃
ᠨᠠᠢ᠍ᠮᠠᠳᠤᠭ᠋ᠠᠷ᠎ᠲᠤ᠂ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠎ᠪᠠᠷ ᠴᠢᠬᠤᠯᠠ ᠭᠠᠷᠳᠠᠴᠠ ᠪᠣᠯᠭ᠋ᠠᠬᠤ ᠬᠡᠷᠡᠭᠲᠡᠢ᠃ ᠡᠷᠬᠡᠪᠰᠢ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠤᠶᠠᠯᠳᠤᠭᠤᠯᠤᠨ ᠵᠡᠷᠭᠡ᠎ᠪᠡᠷ ᠠᠳᠬᠤᠵᠤ᠂ ᠴᠢᠩᠭ᠎ᠠ ᠬᠥᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠢᠮᠠᠭᠲᠠ ᠪᠠᠷᠢᠮᠲᠠᠯᠠᠵᠤ᠂ ᠰᠢᠯᠢᠳᠡᠭ ᠰᠤᠷᠲᠠᠯ ᠵᠶ᠋ᠠᠷ ᠬᠥᠲᠥᠯᠥᠨ ᠳᠠᠭ᠋ᠠᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠪᠠᠲᠤᠯᠠᠭ᠎ᠠ ᠵᠢ ᠴᠢᠩᠭ᠋ᠠᠳᠬᠠᠵᠤ᠂ ᠢᠯᠵᠢᠷᠡᠯ᠎ᠢ ᠡᠰᠡᠷᠭᠦᠴᠡᠵᠦ ᠮᠠᠭᠤ ᠮᠠᠭᠤᠬᠠᠢ ᠵᠢ ᠵᠠᠯᠬᠠᠭ᠋ᠠᠵᠤ ᠬᠠᠷᠰᠢ ᠰᠠᠭ᠋ᠠᠳ᠎ᠢ ᠠᠷᠢᠯᠭ᠋ᠠᠬᠤ᠎ᠪᠠᠷ ᠳᠠᠮᠵᠢᠨ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠨᠢᠭᠲᠠ ᠬᠣᠯᠪᠣᠯᠳᠤᠭᠤᠯᠵᠤ᠂ ᠱᠠᠲᠤ ᠱᠠᠲᠤ᠎ᠪᠠᠷ ᠠᠬᠢᠭᠤᠯᠵᠤ᠂ ᠬᠠᠭᠤᠴᠢᠨ᠎ᠢ ᠥᠭᠡᠷᠡᠴᠢᠯᠡᠵᠦ ᠰᠢᠨ᠎ᠡ ᠵᠢ ᠪᠠᠢ᠌ᠭᠤᠯᠬᠤ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠳᠤᠮᠳᠠ ᠲᠤᠰ ᠪᠡᠶ᠎ᠡ ᠵᠢᠨ ᠳᠠᠪᠠᠯᠲᠠ ᠵᠢ ᠲᠠᠰᠤᠷᠠᠯᠳᠠ ᠦᠭᠡᠢ ᠪᠡᠶᠡᠯᠡᠭᠦᠯᠬᠦ ᠬᠡᠷᠡᠭᠲᠡᠢ᠃
ᠶᠢᠰᠦᠳᠦᠭᠡᠷ᠎ᠲᠤ᠂ ᠥᠪᠡᠷ᠎ᠤᠨ ᠪᠡᠶ᠎ᠡ᠎ᠳᠡᠭᠡᠨ ᠬᠢᠨᠠᠯᠲᠠ ᠲᠠᠯᠪᠢᠬᠤ ᠪᠠ ᠠᠷᠠᠳ ᠲᠦᠮᠡᠨ᠎ᠤ ᠬᠢᠨᠠᠯᠲᠠ ᠲᠠᠯᠪᠢᠬᠤ ᠵᠢ ᠤᠶᠠᠯᠳᠤᠭᠤᠯᠬᠤ᠎ᠪᠠᠷ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠣᠯᠭ᠋ᠠᠬᠤ ᠬᠡᠷᠡᠭᠲᠡᠢ᠃ ᠥᠪᠡᠷ᠎ᠤᠨ ᠪᠡᠶ᠎ᠡ ᠵᠢᠨ ᠬᠢᠨᠠᠯᠲᠠ ᠪᠠ ᠠᠷᠠᠳ ᠲᠦᠮᠡᠨ᠎ᠤ ᠬᠢᠨᠠᠯᠲᠠ ᠪᠣᠯ ᠣᠷᠭ᠋ᠠᠨᠢᠭ ᠵᠶ᠋ᠠᠷ ᠨᠢᠭᠡᠳᠴᠦ᠂ ᠬᠠᠷᠢᠯᠴᠠᠨ ᠬᠣᠯᠪᠣᠭᠳᠠᠵᠤ ᠬᠠᠷᠢᠯᠴᠠᠨ ᠨᠥᠬᠥᠴᠡᠯᠳᠦᠵᠦ ᠪᠠᠢ᠌ᠳᠠᠭ᠃ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠲᠦᠯᠬᠢᠨ ᠠᠬᠢᠭᠤᠯᠬᠤ᠎ᠳᠤ ᠨᠠᠮ᠎ᠤᠨ ᠥᠪᠡᠷ᠎ᠤᠨ ᠪᠡᠶ᠎ᠡ᠎ᠳᠡᠭᠡᠨ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢᠨ ᠡᠯ᠎ᠡ ᠵᠦᠢ᠍ᠯ᠎ᠤᠨ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢᠨ ᠰᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠶ᠃ ᠠᠷᠠᠳ ᠲᠦᠮᠡᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠵᠦ᠂ ᠨᠠᠮ᠎ᠤᠨ ᠳᠣᠲᠣᠭ᠋ᠠᠳᠤ ᠵᠢᠨ ᠬᠢᠨᠠᠯᠲᠠ ᠵᠢ ᠲᠥᠷᠥ ᠵᠢᠨ ᠪᠠᠢ᠌ᠭᠤᠯᠭ᠎ᠠ ᠵᠢᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠬᠠᠤᠯᠢ ᠪᠠᠷᠢᠬᠤ ᠬᠢᠨᠠᠯᠲᠠ᠂ ᠤᠯᠠᠨ ᠲᠦᠮᠡᠨ᠎ᠤ ᠬᠢᠨᠠᠯᠲᠠ᠂ ᠶᠠᠷᠢᠶ᠎ᠠ ᠬᠡᠯᠡᠯᠴᠡᠭᠡᠨ᠎ᠤ ᠬᠢᠨᠠᠯᠲᠠ᠎ᠲᠠᠢ ᠦᠨᠡᠨ ᠬᠦ᠌ ᠨᠠᠪᠲᠠᠷᠡᠭᠦᠯᠵᠦ᠂ ᠪᠡᠶ᠎ᠡ᠎ᠪᠠᠨ ᠪᠠᠷᠢᠬᠤ ᠪᠠ ᠪᠤᠰᠤᠳ ᠵᠶ᠋ᠠᠷ ᠱᠠᠭ᠋ᠠᠷᠳᠠᠬᠤ ᠵᠢᠨ ᠰᠠᠢ᠍ᠢ᠍ᠨ ᠨᠥᠬᠥᠴᠡᠯᠳᠦᠯ᠎ᠢ ᠪᠡᠶᠡᠯᠡᠭᠦᠯᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠢ᠍ᠢ᠍ᠯᠭ᠋ᠠᠬᠤ ᠬᠡᠷᠡᠭᠲᠡᠢ᠃
ᠦᠢ᠍ᠯᠡᠳᠦᠯᠭᠡ ᠵᠢᠨ ᠬᠥᠭᠵᠢᠯᠲᠡ ᠬᠥᠪᠡᠭᠡ ᠬᠢᠵᠠᠭ᠋ᠠᠷ ᠦᠭᠡᠢ᠂ ᠤᠨᠤᠯ᠎ᠤᠨ ᠰᠢᠨ᠎ᠡ ᠡᠭᠦᠳᠦᠯᠲᠡ ᠴᠦ᠍ ᠬᠥᠪᠡᠭᠡ ᠬᠢᠵᠠᠭ᠋ᠠᠷ ᠦᠭᠡᠢ ᠶᠤᠮ᠃ ᠦᠵᠡᠯ ᠰᠠᠨᠠᠭ᠎ᠠ᠎ᠪᠠᠨ ᠴᠢᠯᠦᠭᠡᠯᠡᠬᠦ᠂ ᠦᠨᠡᠨ᠎ᠠᠴᠠ ᠵᠥᠪ᠎ᠢ ᠡᠷᠢᠬᠦ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠦᠢ᠍ᠯᠡᠳᠦᠯᠭᠡ ᠵᠢᠨ ᠰᠦᠪᠡᠭᠴᠢᠯᠡᠯᠲᠡ ᠪᠠ ᠤᠨᠤᠯ᠎ᠤᠨ ᠰᠢᠨ᠎ᠡ ᠵᠢ ᠡᠭᠦᠳᠬᠦ ᠵᠢ ᠲᠠᠰᠤᠷᠠᠯᠳᠠ ᠦᠭᠡᠢ ᠠᠬᠢᠭᠤᠯᠵᠤ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠳᠠ ᠦᠭᠡᠢ ᠭᠦᠨᠵᠡᠭᠡᠢ᠌ᠷᠡᠭᠦᠯᠵᠦ᠂ ᠨᠠᠮ᠎ᠤᠨ ᠥᠪᠡᠷ ᠪᠡᠶ᠎ᠡ ᠵᠢᠨ ᠬᠤᠪᠢᠰᠬᠠᠯ ᠬᠢᠬᠦ ᠰᠡᠳᠬᠢᠴᠡ ᠠᠷᠭ᠎ᠠ ᠬᠡᠮᠵᠢᠶ᠎ᠡ ᠵᠢ ᠨᠡᠩ ᠨᠢᠭᠲᠠ ᠴᠢᠩᠭ᠎ᠠ ᠪᠣᠯᠭ᠋ᠠᠵᠤ᠂ ᠹᠷᠣᠨᠲ ᠨᠢᠭᠡᠪᠦᠷᠢ᠂ ᠭᠣᠭᠴᠣᠭ᠎ᠠ ᠨᠢᠭᠡᠪᠦᠷᠢ ᠵᠢᠨ ᠥᠪᠡᠷ ᠪᠡᠶ᠎ᠡ ᠵᠢᠨ ᠬᠤᠪᠢᠰᠬᠠᠯ ᠬᠢᠬᠦ ᠵᠢ ᠪᠣᠳᠠᠲᠠᠢ᠎ᠪᠠᠷ ᠠᠳᠬᠤᠵᠤ᠂ ᠭᠦᠨᠵᠡᠭᠡᠢ ᠠᠳᠬᠤᠬᠤ ᠬᠡᠷᠡᠭᠲᠡᠶ᠃
ᠡᠨᠡ ᠪᠣᠯ ᠶᠡᠷᠦᠩᠬᠡᠢ ᠱᠦᠵᠢ ᠰᠢ ᠵᠢᠨ ᠫᠢᠩ ᠵᠢᠨ 2024 ᠣᠨ᠎ᠤ 1 ᠰᠠᠷ᠎ᠠ ᠵᠢᠨ 8᠎ᠤ ᠡᠳᠦᠷ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ ᠳᠡᠭᠡᠷ᠎ᠡ ᠬᠡᠯᠡᠭᠰᠡᠨ ᠦᠭᠡ ᠵᠢᠨ ᠨᠢᠭᠡ ᠬᠡᠰᠡᠭ ᠪᠣᠯᠣᠨ᠎ᠠ᠃