ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠪᠥᠬᠥ ᠪᠠᠭᠰᠢ ᠰᠣᠷᠣᠭᠴᠢᠳ᠎ᠲᠤ ᠬᠠᠷᠢᠭᠤ ᠵᠠᠬᠢᠳᠠᠯ ᠢᠯᠡᠭᠡᠵᠦ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠪᠠᠢᠭᠤᠯᠤᠭᠳᠠᠭᠰᠠᠨ 120 ᠵᠢᠯ᠎ᠦᠨ ᠣᠢ᠎ᠶᠢᠨ ᠲᠠᠰᠢᠷᠠᠮ᠎ᠢᠶᠠᠷ᠂ ᠪᠥᠬᠥ ᠰᠤᠷᠭᠠᠭᠤᠯᠢ᠎ᠶᠢᠨ ᠪᠠᠭᠰᠢ ᠰᠣᠷᠣᠭᠴᠢ ᠠᠵᠢᠯᠲᠠᠨ᠂ ᠥᠷᠭᠡᠨ ᠣᠯᠠᠨ ᠰᠤᠷᠭᠠᠭᠤᠯᠢ᠎ᠶᠢᠨ ᠨᠠᠢᠵᠠ ᠨᠠᠷ᠎ᠲᠤ ᠪᠠᠶᠠᠷ ᠬᠦᠷᠭᠡᠵᠦ ᠪᠠᠢᠬᠤ᠎ᠪᠠᠨ ᠢᠯᠡᠳᠬᠡᠪᠡ᠃
ᠰᠢ ᠵᠢᠨ ᠫᠢᠩ᠂ ᠰᠢᠨ᠎ᠡ ᠠᠶᠠᠨ᠎ᠳᠤ᠂ ᠲᠠ ᠨᠠᠷ᠎ᠤᠨ ᠰᠤᠷᠭᠠᠭᠤᠯᠢ ᠡᠷᠬᠢᠯᠡᠬᠦ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠵᠣᠷᠢᠭ᠋ ᠰᠢᠭᠤᠳᠤᠨ ᠬᠥᠳᠡᠭᠡ ᠠᠵᠤ ᠠᠬᠤᠢ᠎ᠶᠢ ᠬᠦᠴᠦᠷᠬᠡᠭᠵᠢᠭᠦᠯᠦᠨ ᠡᠬᠡ ᠤᠯᠤᠰ᠎ᠲᠠᠭᠠᠨ ᠬᠦᠴᠦ᠎ᠪᠡᠨ ᠡᠷᠭᠦᠵᠦ᠂ ᠰᠤᠷᠭᠠᠨ ᠬᠥᠮᠥᠵᠢᠯ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠥᠳᠡᠭᠡ ᠠᠵᠤ ᠠᠬᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ᠎ᠶᠢ ᠴᠢᠩᠭᠠᠳᠬᠠᠵᠤ᠂ ᠬᠥᠳᠡᠭᠡ ᠲᠣᠰᠬᠤᠨ᠎ᠢ ᠣᠢᠯᠠᠭᠠᠵᠤ ᠲᠠᠷᠢᠶᠠᠴᠢᠨ᠎ᠢ ᠬᠠᠢᠷᠠᠯᠠᠳᠠᠭ ᠨᠡᠩ ᠣᠯᠠᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠴᠢᠷᠮᠠᠢᠨ ᠬᠥᠮᠥᠵᠢᠭᠦᠯᠵᠦ᠂ ᠬᠥᠳᠡᠭᠡ ᠠᠵᠤ ᠠᠬᠤᠢ᠎ᠶᠢᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ᠎ᠶᠢ ᠬᠦᠰᠡᠵᠦ ᠪᠠᠢᠨ᠎ᠠ ᠭᠡᠵᠦ ᠴᠢᠬᠤᠯᠠᠴᠢᠯᠠᠪᠠ᠃
ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ ᠪᠣᠯ 1905 ᠣᠨ᠎ᠳᠤ ᠪᠠᠢᠭᠤᠯᠤᠭᠳᠠᠭᠰᠠᠨ ᠪᠡᠭᠡᠵᠢᠩ᠎ᠦᠨ ᠪᠠᠭᠰᠢ᠎ᠶᠢᠨ ᠶᠡᠬᠡ ᠰᠤᠷᠭᠠᠭᠤᠯᠢ᠎ᠶᠢᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠶᠡᠬᠡ ᠰᠤᠷᠭᠠᠭᠤᠯᠢ᠎ᠠᠴᠠ ᠡᠭᠦᠰᠦᠯᠲᠡᠢ᠂ 1995 ᠣᠨ᠎ᠳᠤ ᠪᠡᠭᠡᠵᠢᠩ᠎ᠦᠨ ᠲᠠᠷᠢᠶᠠᠯᠠᠩ᠎ᠤᠨ ᠶᠡᠬᠡ ᠰᠤᠷᠭᠠᠭᠤᠯᠢ ᠪᠠ ᠪᠡᠭᠡᠵᠢᠩ᠎ᠦᠨ ᠲᠠᠷᠢᠶᠠᠯᠠᠩ᠎ᠤᠨ ᠢᠨᠵᠧᠨᠧᠷᠢᠩ᠎ᠦᠨ ᠶᠡᠬᠡ ᠰᠤᠷᠭᠠᠭᠤᠯᠢ᠎ᠶᠢ ᠨᠡᠢᠯᠡᠭᠦᠯᠵᠦ ᠪᠠᠢᠭᠤᠯᠵᠠᠢ᠃ ᠣᠢᠷ᠎ᠠ᠎ᠳᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠪᠥᠬᠥ ᠪᠠᠭᠰᠢ ᠰᠣᠷᠣᠭᠴᠢᠳ ᠶᠡᠷᠦᠩᠬᠡᠢ ᠱᠦᠵᠢ ᠰᠢ ᠵᠢᠨ ᠫᠢᠩ᠎ᠳᠦ ᠵᠠᠬᠢᠳᠠᠯ ᠪᠢᠴᠢᠵᠦ᠂ ᠰᠤᠷᠭᠠᠭᠤᠯᠢ᠎ᠶᠢᠨ 120 ᠵᠢᠯ᠎ᠦᠨ ᠬᠥᠭᠵᠢᠯᠲᠡ᠎ᠶᠢᠨ ᠥᠩᠭᠡᠷᠡᠯᠲᠡ ᠪᠠ ᠰᠤᠷᠭᠠᠭᠤᠯᠢ ᠡᠷᠬᠢᠯᠡᠭᠰᠡᠨ ᠠᠮᠵᠢᠯᠲᠠ ᠪᠦᠲᠦᠮᠵᠢ᠎ᠪᠡᠨ ᠬᠠᠷᠢᠭᠤ ᠮᠡᠳᠡᠭᠦᠯᠵᠦ᠂ ᠳᠡᠯᠡᠬᠡᠢ᠎ᠶᠢᠨ ᠲᠡᠷᠢᠭᠦᠨ ᠵᠡᠷᠭᠡ᠎ᠶᠢᠨ ᠶᠡᠬᠡ ᠰᠤᠷᠭᠠᠭᠤᠯᠢ ᠪᠣᠯᠭᠠᠨ ᠪᠦᠲᠦᠭᠡᠨ ᠪᠠᠢᠭᠤᠯᠬᠤ ᠪᠠᠨ ᠲᠦᠷᠭᠡᠳᠬᠡᠬᠦ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠦᠨ ᠲᠥᠯᠥᠭᠡ ᠴᠥᠬᠥᠷᠡᠰᠢ ᠦᠭᠡᠢ ᠲᠡᠮᠡᠴᠡᠬᠦ ᠵᠣᠷᠢᠭ᠋᠎ᠢᠶᠠᠨ ᠢᠯᠡᠳᠬᠡᠵᠡᠢ᠃
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠰᠠᠷ᠎ᠠ᠎ᠶᠢᠨ 16 ᠦ ᠡᠳᠦᠷ᠎ᠦᠨ ᠴᠠᠬᠢᠯᠭᠠᠨ ᠮᠡᠳᠡᠭᠡ