ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶᠢᠨ 2 ᠤᠨ ᠴᠠᠬᠢᠯᠭᠠᠨ ᠮᠡᠳᠡᠭᠡ
9 ᠰᠠᠷ᠎ᠠ᠎ᠶᠢᠨ 2 ᠤ᠋ᠨ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠷᠤᠰ᠎ᠤᠨ ᠶᠡᠷᠦᠩᠬᠡᠢᠯᠡᠭᠴᠢ ᠫᠦᠲ᠋ᠢᠨ᠂ ᠮᠣᠩᠭᠣᠯ ᠤᠯᠤᠰ᠎ᠤᠨ ᠶᠡᠷᠦᠩᠬᠡᠢᠯᠡᠭᠴᠢ ᠬᠦᠷᠡᠯᠰᠦ᠋ᠬᠡ ᠳᠠᠢ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠷᠤᠰ ᠮᠣᠩᠭᠣᠯ ᠭᠤᠷᠪᠠᠨ ᠤᠯᠤᠰ᠎ᠤᠨ ᠲᠡᠷᠢᠭᠦᠨ᠎ᠦ ᠳᠣᠯᠣᠳᠤᠭᠠᠷ ᠤᠳᠠᠭ᠎ᠠ᠎ᠶᠢᠨ ᠠᠭᠤᠯᠵᠠᠯᠲᠠ ᠬᠢᠪᠡ᠃

9 ᠰᠠᠷ᠎ᠠ᠎ᠶᠢᠨ 2 ᠤ᠋ᠨ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠷᠤᠰ᠎ᠤᠨ ᠶᠡᠷᠦᠩᠬᠡᠢᠯᠡᠭᠴᠢ ᠫᠦᠲ᠋ᠢᠨ᠂ ᠮᠣᠩᠭᠣᠯ ᠤᠯᠤᠰ᠎ᠤᠨ ᠶᠡᠷᠦᠩᠬᠡᠢᠯᠡᠭᠴᠢ ᠬᠦᠷᠡᠯᠰᠦ᠋ᠬᠡ ᠳᠠᠢ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠷᠤᠰ ᠮᠣᠩᠭᠣᠯ ᠭᠤᠷᠪᠠᠨ ᠤᠯᠤᠰ᠎ᠤᠨ ᠲᠡᠷᠢᠭᠦᠨ᠎ᠦ ᠳᠣᠯᠣᠳᠤᠭᠠᠷ ᠤᠳᠠᠭ᠎ᠠ᠎ᠶᠢᠨ ᠠᠭᠤᠯᠵᠠᠯᠲᠠ ᠬᠢᠪᠡ᠃
ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ ᠳ᠋ᠢᠩ ᠬᠠᠢ ᠲᠤᠤ ᠰᠡᠭᠦᠳᠡᠷᠯᠡᠪᠡ
ᠰᠢ ᠵᠢᠨ ᠫᠢᠩ᠂ ᠣᠢᠷ᠎ᠠ᠎ᠶᠢᠨ ᠵᠢᠯ᠎ᠡᠴᠡ ᠨᠠᠭᠠᠰᠢ᠂ ᠳᠤᠮᠳᠠᠳᠤ ᠤᠷᠤᠰ ᠮᠣᠩᠭᠣᠯ ᠭᠤᠷᠪᠠᠨ ᠲᠠᠯ᠎ᠠ᠎ᠶᠢᠨ ᠬᠠᠮᠲᠤᠷᠠᠯᠴᠠᠭ᠎ᠠ ᠲᠣᠭᠲᠠᠭᠤᠨ᠎ᠢᠶᠠᠷ ᠬᠥᠭᠵᠢᠵᠦ᠂ ᠦᠨᠡᠨ ᠪᠣᠳᠠᠲᠠᠢ ᠦᠷ᠎ᠡ ᠪᠦᠲᠦᠭᠡᠯ ᠣᠯᠵᠠᠢ᠃ ᠭᠤᠷᠪᠠᠨ ᠲᠠᠯ᠎ᠠ᠎ᠶᠢᠨ ᠬᠠᠮᠲᠤᠷᠠᠯᠴᠠᠭᠠᠨ᠎ᠤ ᠳᠤᠮᠳᠠ ᠬᠤᠭᠤᠴᠠᠭᠠᠨ᠎ᠤ ᠵᠠᠮ ᠱᠤᠭᠤᠮ᠎ᠤᠨ ᠵᠢᠷᠤᠭ᠎ᠢ ᠤᠷᠤᠭᠰᠢᠲᠠᠢ ᠬᠡᠷᠡᠭᠵᠢᠭᠦᠯᠵᠦ᠂ ᠭᠤᠷᠪᠠᠨ ᠤᠯᠤᠰ᠎ᠤᠨ ᠠᠷᠠᠯᠵᠢᠶᠠᠨ᠎ᠤ ᠬᠡᠮᠵᠢᠶ᠎ᠡ ᠤᠳᠠᠭ᠎ᠠ ᠳᠠᠷᠠᠭᠠᠯᠠᠨ ᠳᠡᠭᠡᠭᠰᠢᠯᠡᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠮᠢ ᠠᠬᠤᠢ᠎ᠶᠢᠨ ᠬᠠᠮᠠᠭᠠᠯᠠᠯᠲᠠ᠂ ᠰᠣᠶᠣᠯ ᠢᠷᠭᠡᠨᠰᠢᠯ᠎ᠦᠨ ᠬᠠᠮᠲᠤᠷᠠᠯᠴᠠᠭ᠎ᠠ ᠲᠠᠰᠤᠷᠠᠯᠳᠠ ᠦᠭᠡᠢ ᠭᠦᠨᠵᠡᠭᠡᠢᠷᠡᠪᠡ᠃ ᠠᠭᠤᠯᠠ ᠤᠰᠤ᠎ᠪᠠᠷ᠎ᠢᠶᠠᠨ ᠵᠠᠯᠭᠠᠯᠳᠤᠭᠰᠠᠨ᠂ ᠵᠢᠷᠭᠠᠯ ᠵᠣᠪᠠᠯᠠᠩ᠎ᠢᠶᠠᠨ ᠬᠠᠮᠲᠤᠳᠬᠠᠭᠰᠠᠨ ᠨᠥᠬᠥᠷᠰᠡᠭ ᠬᠥᠷᠰᠢ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠳᠤᠷᠠᠲᠠᠶ᠎ᠠ ᠤᠷᠤᠰ᠂ ᠮᠣᠩᠭᠣᠯ ᠤᠯᠤᠰ ᠲᠠᠢ ᠬᠠᠮᠲᠤ᠎ᠪᠠᠷ ᠬᠠᠮᠲᠤᠷᠠᠯᠴᠠᠭᠠᠨ᠎ᠤ ᠤᠭ ᠰᠠᠨᠠᠭ᠎ᠠ᠎ᠪᠠᠨ ᠪᠠᠲᠤ ᠰᠠᠬᠢᠵᠤ᠂ ᠭᠠᠳᠠᠭᠠᠳᠤ᠎ᠶᠢᠨ ᠬᠠᠷᠰᠢᠯᠠᠯ᠎ᠢ ᠠᠷᠢᠯᠭᠠᠵᠤ᠂ ᠭᠠᠷ ᠬᠣᠯᠪᠣᠯᠴᠠᠨ ᠭᠤᠷᠪᠠᠨ ᠲᠠᠯ᠎ᠠ᠎ᠶᠢᠨ ᠬᠠᠮᠲᠤᠷᠠᠯᠴᠠᠭᠠᠨ᠎ᠤ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠰᠢ ᠵᠢᠨ ᠫᠢᠩ ᠳᠤᠮᠳᠠᠳᠤ ᠣᠷᠣᠰ ᠮᠣᠩᠭᠣᠯ᠎ᠤᠨ ᠬᠠᠮᠲᠤᠷᠠᠯᠴᠠᠭ᠎ᠠ᠎ᠶᠢ ᠠᠬᠢᠭᠤᠯᠬᠤ ᠲᠤᠬᠠᠢ 3 ᠰᠠᠨᠠᠭᠤᠯᠭ᠎ᠠ ᠳᠤᠷᠠᠳᠪᠠ᠃
ᠨᠢᠭᠡ᠎ᠳᠦ᠂ ᠤᠯᠤᠰ ᠲᠥᠷᠥ᠎ᠶᠢᠨ ᠢᠲᠡᠭᠡᠯᠴᠡᠭᠡ᠎ᠪᠡᠨ ᠪᠠᠲᠤᠳᠬᠠᠨ᠎ᠠ᠃ ᠳᠡᠯᠡᠬᠡᠢ᠎ᠶᠢᠨ ᠪᠠᠢᠳᠠᠯ ᠬᠤᠪᠢᠷᠠᠯᠲᠠ ᠰᠠᠮᠠᠭᠤᠷᠠᠯ ᠰᠤᠯᠪᠢᠴᠠᠬᠤ ᠳᠤᠳᠤᠮ᠂ ᠳᠤᠮᠳᠠᠳᠤ ᠤᠷᠤᠰ ᠮᠣᠩᠭᠣᠯ ᠭᠤᠷᠪᠠᠨ ᠲᠠᠯ᠎ᠠ᠎ᠪᠠᠷ᠎ᠢᠶᠠᠨ ᠪᠦᠯᠬᠦᠮᠳᠡᠨ ᠬᠠᠮᠵᠢᠯᠴᠠᠬᠤ᠎ᠪᠠᠨ ᠤᠯᠠᠮ ᠴᠢᠩᠭᠠᠳᠬᠠᠵᠤ᠂ ᠬᠠᠷᠢᠯᠴᠠᠨ ᠳᠡᠮᠵᠢᠬᠦ᠎ᠪᠡᠨ ᠤᠯᠠᠮ ᠴᠢᠩᠭᠠᠳᠬᠠᠵᠤ᠂ ᠲᠤᠰ ᠲᠤᠰ᠎ᠤᠨ᠎ᠢᠶᠠᠨ ᠭᠣᠣᠯᠯᠠᠭ᠍ᠴᠢ ᠠᠰᠢᠭ᠋ ᠲᠤᠰᠠ ᠪᠣᠯᠣᠨ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ᠎ᠢ ᠬᠦᠨᠳᠦᠳᠬᠡᠵᠦ᠂ ᠲᠤᠰ ᠲᠤᠰ᠎ᠤᠨ᠎ᠢᠶᠠᠨ ᠬᠥᠭᠵᠢᠨ ᠮᠠᠨᠳᠤᠬᠤ ᠵᠠᠮ ᠳᠡᠭᠡᠷᠡᠬᠢ ᠪᠠᠲᠤ ᠪᠡᠬᠢ ᠪᠠᠢᠯᠳᠤᠬᠤ ᠪᠣᠳᠣᠯᠭ᠎ᠠ᠎ᠶᠢᠨ ᠲᠦᠰᠢᠭ ᠪᠤᠯᠤᠯᠴᠠᠶᠠ᠃
ᠬᠣᠶᠠᠷ᠎ᠲᠤ᠂ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠦᠨ᠎ᠡ᠃ 《ᠬᠠᠲᠠᠭᠤ ᠬᠣᠯᠪᠣᠯᠳᠤᠯ》᠎ᠢᠶᠠᠷ ᠴᠢᠬᠤᠯᠠ ᠴᠢᠭᠯᠡᠯ ᠪᠣᠯᠭᠠᠵᠤ᠂ ᠭᠤᠷᠪᠠᠨ ᠤᠯᠤᠰ᠎ᠢ ᠬᠣᠯᠪᠣᠭᠰᠠᠨ ᠬᠢᠯᠢ ᠠᠯᠤᠰᠯᠠᠭᠰᠠᠨ ᠰᠠᠭᠤᠷᠢ ᠲᠥᠬᠦᠭᠡᠷᠦᠮᠵᠢ ᠪᠠ ᠡᠨᠧᠷᠭᠢ᠎ᠶᠢᠨ ᠲᠦᠷᠦᠯ ᠵᠦᠢᠯ᠎ᠢ ᠢᠳᠡᠪᠬᠢᠲᠡᠢ ᠠᠬᠢᠭᠤᠯᠵᠤ᠂ ᠬᠠᠮᠲᠤᠷᠠᠯᠴᠠᠭᠠᠨ᠎ᠤ ᠠᠭᠤᠯᠤᠭᠳᠠᠬᠤᠨ ᠵᠢᠨᠨ ᠪᠠᠶᠠᠯᠢᠭ᠍ᠵᠢᠭᠤᠯᠤᠶᠠ; 《ᠵᠥᠭᠡᠯᠡᠨ ᠬᠣᠯᠪᠣᠯᠳᠤᠯ》᠎ᠢᠶᠠᠷ ᠴᠢᠬᠤᠯᠠ ᠲᠤᠯᠭᠠᠭᠤᠷᠢᠯᠠᠯ ᠪᠣᠯᠭᠠᠵᠤ᠂ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠶᠢ ᠴᠢᠩᠭᠠᠳᠬᠠᠵᠤ᠂ ᠳᠡᠪᠢᠰᠬᠡᠷᠲᠦ ᠵᠣᠭᠣᠰ᠎ᠢᠶᠠᠷ ᠳ᠋ᠦᠩᠨᠡᠨ ᠪᠤᠳᠤᠬᠤ ᠬᠡᠪᠴᠢᠶ᠎ᠡ ᠪᠠᠨ ᠥᠷᠭᠡᠳᠬᠡᠶᠠ; 《ᠰᠡᠳᠬᠢᠯ᠎ᠦᠨ ᠬᠣᠯᠪᠣᠯᠳᠤᠯ》᠎ᠢᠶᠠᠷ ᠴᠢᠬᠤᠯᠠ ᠰᠠᠭᠤᠷᠢ ᠪᠣᠯᠭᠠᠵᠤ᠂ ᠭᠤᠷᠪᠠᠨ ᠤᠯᠤᠰ᠎ᠤᠨ ᠬᠥᠷᠰᠢ ᠵᠡᠷᠭᠡᠯᠡᠳᠡᠭᠡ ᠮᠤᠵᠢ ᠵᠧᠦ᠎ᠶᠢᠨ ᠶᠠᠪᠤᠯᠴᠠᠭ᠎ᠠ᠎ᠶᠢ ᠨᠢᠭ᠍ᠲᠠᠷᠠᠭᠤᠯᠵᠤ᠂ ᠵᠢᠭᠤᠯᠴᠢᠯᠠᠯ ᠪᠠ ᠰᠣᠶᠣᠯ᠎ᠤᠨ ᠥᠪ᠎ᠦᠨ ᠬᠠᠮᠠᠭᠠᠯᠠᠯᠲᠠ᠎ᠶᠢᠨ ᠬᠠᠮᠲᠤᠷᠠᠯᠴᠠᠭ᠎ᠠ ᠪᠡᠨ ᠴᠢᠩᠭᠠᠳᠬᠠᠶ᠎ᠠ᠃
ᠭᠤᠷᠪᠠ᠎ᠳᠤ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠪᠣᠷᠣ᠌ ᠲᠥᠯᠥᠪ᠎ᠦᠨ ᠳᠣᠲᠣᠷᠠᠬᠢ ᠬᠠᠮᠵᠢᠯᠴᠠᠭ᠎ᠠ᠎ᠶᠢ ᠨᠢᠭ᠍ᠲᠠᠷᠠᠭᠤᠯᠤᠨ᠎ᠠ᠃ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ ᠪᠣᠯ ᠭᠠᠵᠠᠷ ᠣᠷᠣᠨ᠎ᠤ ᠤᠯᠤᠰ᠎ᠤᠳ᠎ᠤᠨ ᠠᠮᠤᠷ ᠲᠦᠪᠰᠢᠨ᠎ᠢ ᠬᠠᠮᠲᠤ᠎ᠪᠠᠷ ᠬᠠᠮᠠᠭᠠᠯᠠᠬᠤ᠂ ᠬᠥᠭᠵᠢᠯᠲᠡ᠎ᠶᠢ ᠬᠠᠮᠲᠤ᠎ᠪᠠᠷ ᠡᠷᠢᠯᠬᠢᠯᠡᠬᠦ ᠭᠣᠣᠯ ᠲᠠᠪᠴᠠᠩ ᠪᠣᠯᠣᠨ᠎ᠠ᠃ ᠲᠢᠶᠠᠨᠵᠢᠨ᠎ᠤ ᠲᠦᠷᠦᠭᠦᠴᠦᠳ᠎ᠦᠨ ᠬᠤᠷᠠᠯ᠎ᠤᠨ ᠬᠤᠭᠤᠴᠠᠭᠠᠨ᠎ᠳᠤ ᠳᠤᠮᠳᠠᠳᠤ ᠤᠯᠤᠰ᠎ᠤᠨ ᠪᠠᠢᠭᠤᠯᠤᠭᠰᠠᠨ ᠡᠯ᠎ᠡ ᠵᠦᠢᠯ᠎ᠦᠨ ᠬᠠᠮᠲᠤᠷᠠᠯᠴᠠᠭᠠᠨ᠎ᠤ ᠲᠠᠪᠴᠠᠩ ᠪᠣᠯᠣᠨ ᠲᠥᠪ᠎ᠢ ᠰᠠᠢᠲᠤᠷ ᠠᠰᠢᠭ᠍ᠯᠠᠵᠤ᠂ ᠨᠡᠩ ᠥᠷᠭᠡᠨ ᠠᠭᠤᠳᠠᠮ ᠬᠠᠮᠲᠤᠷᠠᠯᠴᠠᠭᠠᠨ᠎ᠤ ᠣᠷᠣᠨ ᠵᠠᠢ᠎ᠶᠢ ᠥᠷᠭᠡᠳᠬᠡᠶ᠎ᠡ᠃
ᠫᠦᠲ᠋ᠢᠨ᠂ ᠤᠷᠤᠰ ᠳᠤᠮᠳᠠᠳᠤ ᠮᠣᠩᠭᠣᠯ ᠪᠣᠯ ᠨᠥᠬᠥᠷᠰᠡᠭ ᠬᠥᠷᠰᠢ ᠤᠯᠤᠰ ᠪᠠᠢᠵᠤ᠂ ᠥᠨᠢ ᠤᠳᠠᠭᠠᠨ ᠬᠠᠮᠲᠤᠷᠠᠯᠴᠠᠭᠠᠨ᠎ᠤ ᠤᠯᠠᠮᠵᠢᠯᠠᠯ᠎ᠲᠠᠢ ᠶᠤᠮ᠃ ᠤᠯᠤᠰ ᠲᠥᠷᠥ᠎ᠶᠢᠨ ᠢᠲᠡᠭᠡᠯᠴᠡᠭᠡ᠎ᠪᠡᠨ ᠨᠡᠮᠡᠭᠳᠡᠭᠦᠯᠬᠦ ᠨᠢ ᠮᠠᠰᠢ ᠴᠢᠬᠤᠯᠠ ᠪᠠᠢᠵᠤ᠂ ᠭᠤᠷᠪᠠᠨ ᠲᠠᠯ᠎ᠠ᠎ᠶᠢᠨ ᠬᠠᠷᠢᠯᠴᠠᠭᠠᠨ᠎ᠤ ᠰᠠᠭᠤᠷᠢ᠎ᠶᠢ ᠪᠡᠬᠢᠵᠢᠭᠦᠯᠬᠦ᠎ᠳᠦ ᠠᠰᠢᠭ᠍ᠲᠠᠢ ᠶᠤᠮ᠃ ᠤᠷᠤᠰ᠎ᠤᠨ ᠬᠢᠨ ᠳᠤᠷᠠᠲᠠᠶ᠎ᠠ ᠳᠤᠮᠳᠠᠳᠤ᠂ ᠮᠣᠩᠭᠣᠯ ᠯᠤᠭ᠎ᠠ ᠡᠷᠬᠡ ᠲᠡᠭᠰᠢ ᠬᠠᠷᠢᠯᠴᠠᠨ ᠠᠰᠢᠭ᠍ᠲᠠᠢ᠂ ᠢᠷᠡᠭᠡᠳᠦᠢ᠎ᠳᠦ ᠬᠠᠨᠳᠤᠭᠰᠠᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ ᠥᠷᠨᠢᠭᠦᠯᠵᠦ᠂ ᠭᠤᠷᠪᠠᠨ ᠲᠠᠯ᠎ᠠ᠎ᠶᠢᠨ ᠬᠠᠮᠲᠤᠷᠠᠯᠴᠠᠭ᠎ᠠ ᠪᠣᠯᠣᠨ ᠬᠣᠶᠠᠷ ᠲᠠᠯ᠎ᠠ᠎ᠶᠢᠨ ᠬᠠᠮᠲᠤᠷᠠᠯᠴᠠᠭ᠎ᠠ᠎ᠶᠢ ᠬᠠᠷᠢᠯᠴᠠᠨ ᠨᠥᠬᠥᠪᠦᠷᠢᠯᠡᠵᠦ᠂ ᠬᠠᠷᠢᠯᠴᠠᠨ ᠠᠬᠢᠭᠤᠯᠬᠤ ᠪᠤᠯᠭᠠᠨ᠎ᠠ᠃ ᠭᠤᠷᠪᠠᠨ ᠲᠠᠯ᠎ᠠ᠎ᠪᠠᠷ᠎ᠢᠶᠠᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠪᠠᠨ ᠨᠢᠭ᠍ᠲᠠ ᠵᠣᠯᠭᠠᠭᠤᠯᠵᠤ᠂ ᠬᠣᠯᠪᠣᠯᠳᠤᠨ ᠨᠡᠪᠲᠡᠷᠡᠯᠴᠡᠬᠦ᠎ᠪᠡᠨ ᠴᠢᠩᠭᠠᠳᠬᠠᠵᠤ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ᠎ᠶᠢᠨ ᠬᠡᠪᠴᠢᠶ᠎ᠡ᠎ᠪᠡᠨ ᠥᠷᠭᠡᠳᠬᠡᠵᠦ᠂ ᠮᠥᠩᠭᠥᠨ ᠭᠦᠢᠯᠭᠡᠭᠡᠨ᠂ ᠡᠨᠧᠷᠭᠢ᠂ ᠲᠣᠭᠠᠴᠢᠯᠠᠭᠰᠠᠨ ᠠᠵᠤ ᠠᠬᠤᠢ᠂ ᠰᠤᠷᠭᠠᠨ ᠬᠥᠮᠦᠵᠢᠯ᠂ ᠣᠷᠴᠢᠨ ᠲᠣᠭᠣᠷᠢᠨ᠎ᠤ ᠬᠠᠮᠠᠭᠠᠯᠠᠯᠲᠠ᠂ ᠵᠢᠭᠤᠯᠴᠢᠯᠠᠯ ᠵᠡᠷᠭᠡ ᠬᠦᠷᠢᠶᠡᠨ᠎ᠦ ᠬᠠᠮᠲᠤᠷᠠᠯᠴᠠᠭ᠎ᠠ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠂ ᠲᠤᠰ ᠲᠤᠰ᠎ᠤᠨ᠎ᠢᠶᠠᠨ ᠠᠵᠤ ᠠᠬᠤᠢ᠎ᠶᠢᠨ ᠬᠥᠭᠵᠢᠯᠲᠡ᠎ᠳᠦ ᠬᠦᠴᠦᠨ ᠨᠡᠮᠡᠷᠢᠯᠡᠵᠦ᠂ ᠣᠷᠣᠨ ᠪᠦᠰᠡ᠎ᠶᠢᠨ ᠠᠵᠤ ᠠᠬᠤᠢ᠎ᠶᠢᠨ ᠠᠭᠤᠰᠤᠯᠴᠠᠯ᠎ᠢ ᠠᠬᠢᠭᠤᠯᠵᠤ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢ ᠨᠡᠮᠡᠭᠳᠡᠭᠦᠯᠦᠶ᠎ᠡ ᠭᠡᠵᠦ ᠢᠯᠡᠳᠭᠡᠪᠡ᠃
ᠬᠦᠷᠡᠯᠰᠦ᠋ᠬᠡ᠂ ᠳᠤᠮᠳᠠᠳᠤ ᠤᠷᠤᠰ ᠪᠣᠯ ᠮᠣᠩᠭᠣᠯ ᠤᠯᠤᠰ᠎ᠤᠨ ᠴᠢᠬᠤᠯᠠ ᠬᠥᠷᠰᠢ ᠤᠯᠤᠰ ᠮᠥᠨ᠂ ᠮᠣᠩᠭᠣᠯ ᠤᠯᠤᠰ ᠬᠣᠶᠠᠷ ᠲᠠᠯ᠎ᠠ᠎ᠶᠢᠨ ᠬᠠᠷᠢᠯᠴᠠᠭ᠎ᠠ᠎ᠪᠠᠨ ᠨᠢᠭ᠍ᠲᠠᠷᠠᠭᠤᠯᠵᠤ᠂ ᠭᠤᠷᠪᠠᠨ ᠲᠠᠯ᠎ᠠ᠎ᠶᠢᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠪᠠᠨ ᠨᠡᠮᠡᠭᠳᠡᠭᠦᠯᠵᠦ᠂ ᠭᠤᠷᠪᠠᠨ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠴᠦ᠂ ᠭᠠᠵᠠᠷ ᠣᠷᠣᠨ᠎ᠤ ᠬᠥᠭᠵᠢᠯ ᠴᠡᠴᠡᠭᠯᠡᠯ᠎ᠢ ᠠᠬᠢᠭᠤᠯᠬᠤ᠎ᠪᠠᠷ ᠴᠢᠷᠮᠠᠢᠵᠤ ᠪᠠᠢᠨ᠎ᠠ᠃ ᠡᠨᠡ ᠵᠢᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠪᠠ ᠵᠥᠪᠯᠡᠯᠲᠦ ᠬᠣᠯᠪᠣᠭᠠᠲᠤ ᠤᠯᠤᠰ᠎ᠤᠨ ᠠᠭᠤᠤ ᠶᠡᠬᠡ ᠤᠯᠤᠰ᠎ᠢᠶᠠᠨ ᠬᠠᠮᠠᠭᠠᠯᠠᠬᠤ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ ᠪᠣᠯᠣᠨ᠎ᠠ᠂ ᠮᠣᠩᠭᠣᠯ ᠳᠤᠮᠳᠠᠳᠤ ᠣᠷᠣᠰ ᠭᠤᠷᠪᠠᠨ ᠤᠯᠤᠰ᠎ᠤᠨ ᠠᠷᠠᠳ ᠲᠦᠮᠡᠨ ᠡᠨᠡ ᠬᠦ᠌ ᠲᠡᠦᠬᠡᠨ ᠴᠠᠭ ᠮᠥᠴᠡ᠎ᠶᠢ ᠬᠠᠮᠲᠤ᠎ᠪᠠᠷ ᠪᠡᠯᠭᠡᠯᠡᠨ ᠳᠤᠷᠠᠰᠬᠠᠵᠤ᠂ ᠳᠡᠯᠡᠬᠡᠢ᠎ᠶᠢᠨ ᠬᠣᠶᠠᠳᠤᠭᠠᠷ ᠶᠡᠬᠡ ᠳᠠᠶ᠋ᠢᠨ᠎ᠦ ᠵᠥᠪ ᠲᠡᠦᠬᠡ᠎ᠶᠢᠨ ᠦᠵᠡᠯᠲᠡ᠎ᠶᠢ ᠪᠠᠳᠠᠷᠠᠭᠤᠯᠤᠶ᠎ᠠ ᠭᠡᠵᠦ ᠢᠯᠡᠳᠭᠡᠪᠡ᠃
ᠼᠠᠢ ᠴᠢ᠂ ᠸᠠᠩ ᠢ ᠠᠭᠤᠯᠵᠠᠯᠲᠠ᠎ᠳᠤ ᠣᠷᠣᠯᠴᠠᠵᠡᠢ᠃