10 ᠰᠠᠷ᠎ᠠ ᠵᠢᠨ 17᠎ᠤ ᠦᠳᠡ ᠵᠢᠨ ᠬᠣᠢ᠌ᠨ᠎ᠠ᠂ ᠥᠪᠥᠷ ᠮᠣᠩᠭᠣᠯ᠎ᠤᠨ ᠤᠯᠠᠨ ᠤᠯᠤᠰ᠎ᠤᠨ ᠠᠷᠠᠯᠵᠢᠶᠠᠨ᠎ᠤ ᠪᠦᠯᠦᠭᠯᠡᠯ᠎ᠠᠴᠠ ᠵᠣᠬᠢᠶᠠᠨ ᠪᠠᠢ᠌ᠭᠤᠯᠵᠤ ᠮᠠᠰᠢᠨ ᠲᠡᠷᠭᠡᠨ᠎ᠤ ᠰᠡᠯᠪᠢᠭ ᠲᠣᠨᠣᠭ ᠳᠦᠭᠦᠷᠲᠡᠯ᠎ᠡ ᠲᠡᠭᠡᠭᠡᠭᠰᠡᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠬᠥᠬᠡᠬᠣᠲᠠ ᠵᠢᠨ ᠱᠠ ᠯᠢᠶᠠᠩ ᠪᠠᠷᠠᠭ᠋ᠠᠨ᠎ᠤ ᠭᠦᠢ᠍ᠯᠭᠡᠭᠡᠨ᠎ᠤ ᠲᠣᠭᠣᠷᠢᠭ᠎ᠠᠴᠠ ᠳᠠᠪᠬᠢᠨ ᠭᠠᠷᠴᠤ᠂ ᠮᠠᠨᠵᠤᠤᠷ ᠪᠣᠭᠣᠮᠲᠠ᠎ᠪᠠᠷ ᠳᠠᠮᠵᠢᠨ ᠬᠢᠯᠢ᠎ᠠᠴᠠ ᠭᠠᠷᠴᠤ᠂ ᠤᠷᠤᠰ᠎ᠤᠨ ᠷᠤᠰᠺᠤᠵᠢ ᠬᠤᠨᠤᠸᠣ᠋ ᠭᠠᠷᠠᠮ ᠵᠦᠭ ᠠᠶᠠᠯᠠᠭᠰᠠᠨ᠎ᠨᠢ 2024 ᠣᠨ᠎ᠤ ᠬᠥᠬᠡᠬᠣᠲᠠ᠎ᠳᠠᠬᠢ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠠᠶᠠᠯᠠᠭᠰᠠᠨ ᠬᠡᠮᠵᠢᠶ᠎ᠡ 100 ᠴᠤᠪᠤᠭ᠎ᠠ ᠲᠡᠷᠭᠡ ᠵᠢ ᠳᠠᠪᠠᠵᠤ᠂ ᠵᠥᠭᠡᠭᠡᠪᠦᠷᠢᠯᠡᠭᠰᠡᠨ ᠬᠡᠮᠵᠢᠶ᠎ᠡ 10000 ᠠᠪᠳᠠᠷ᠎ᠠ ᠵᠢ ᠳᠠᠪᠠᠵᠤ᠂ ᠮᠠᠨ᠎ᠤ ᠬᠤᠳᠠ ᠵᠢᠨ ᠵᠢᠰᠢᠶᠠᠨ᠎ᠤ ᠭᠠᠯᠲᠤ ᠲᠡᠷᠭᠡ ᠡᠬᠢᠯᠡᠨ ᠵᠥᠭᠡᠭᠡᠪᠦᠷᠢᠯᠡᠭᠰᠡᠨ᠎ᠠᠴᠠ ᠨᠠᠭ᠋ᠠᠰᠢᠬᠢ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠦᠭᠰᠡᠨᠢ ᠬᠠᠷᠠᠭᠤᠯᠵᠤ ᠪᠠᠢ᠌ᠨ᠎ᠠ᠃
11 ᠰᠠᠷ᠎ᠠ ᠵᠢᠨ 6᠎ᠤ ᠡᠳᠦᠷ᠂ ᠳᠤᠮᠳᠠᠳᠤ ᠤᠯᠤᠰ (ᠬᠥᠬᠡᠬᠣᠲᠠ)᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠢ᠌ᠯᠡᠭᠰᠡᠨ ᠲᠤᠷᠰᠢᠯᠲᠠ ᠵᠢᠨ ᠣᠷᠣᠨ᠎ᠤ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠴᠢᠨᠠᠷ ᠰᠠᠢ᠌ᠲᠠᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠢ ᠲᠠᠲᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠵᠡᠭᠦᠨ ᠬᠡᠰᠡᠭ᠎ᠤᠨ ᠲᠡᠯᠡᠢ ᠳᠠᠭ᠋ᠠᠤ ᠵᠢᠨ ᠲᠡᠷᠢᠭᠦᠨ᠎ᠤ ᠭᠠᠵᠠᠷ ᠣᠷᠣᠨ᠎ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠵᠢᠨ ᠲᠠᠪᠴᠠᠩ ᠪᠠᠢ᠌ᠭᠤᠯᠬᠤ ᠵᠢᠨ ᠲᠥᠯᠥᠭᠡ᠂ ᠬᠥᠬᠡᠬᠣᠲᠠ ᠱᠠᠩᠬᠠᠢ ᠬᠣᠲᠠ᠎ᠳᠤ 《ᠬᠥᠬᠡᠬᠣᠲᠠ ᠱᠠᠩᠬᠠᠢ ᠬᠣᠯᠪᠤᠭ᠋ᠠᠯᠠᠨ ᠬᠥᠳᠡᠯᠦᠯᠴᠡᠵᠦ · ᠲᠣᠷᠭ᠋ᠠᠨ ᠵᠠᠮ᠎ᠤᠨ ᠡᠯᠧᠺᠲᠷᠣᠨ ᠬᠤᠳᠠᠯᠳᠤᠭ᠋ᠠᠨ᠎ᠤ ᠰᠢᠨ᠎ᠡ ᠵᠢᠷᠤᠭ ᠲᠥᠯᠥᠪᠯᠡᠭᠡ ᠵᠢ ᠬᠠᠮᠲᠤ᠎ᠪᠠᠷ ᠵᠢᠷᠤᠭᠯᠠᠬᠤ》᠎ᠪᠠᠷ ᠭᠣᠣᠯ ᠰᠡᠳᠦᠪ ᠪᠣᠯᠭ᠋ᠠᠭᠰᠠᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ ᠠᠷᠠᠯᠵᠢᠶ᠎ᠠ ᠵᠢ ᠵᠣᠯᠭ᠋ᠠᠭᠤᠯᠬᠤ ᠬᠤᠷᠠᠯ᠎ᠢ ᠠᠮᠵᠢᠯᠲᠠ᠎ᠲᠠᠢ ᠡᠷᠭᠢᠯᠡᠵᠦ᠂ ᠱᠠᠩᠬᠠᠢ ᠵᠢᠴᠢ ᠡᠷᠬᠢᠨ ᠲᠣᠭᠣᠷᠢᠨ᠎ᠤ ᠮᠤᠵᠢ ᠬᠣᠲᠠ᠎ᠠᠴᠠ ᠢᠷᠡᠭᠰᠡᠨ ᠮᠠᠰᠢ ᠤᠯᠠᠨ ᠠᠵᠢᠯ ᠲᠥᠷᠥᠯ᠎ᠤᠨ ᠰᠣᠳᠣᠴᠤᠤᠯ ᠪᠠ ᠠᠵᠤ ᠠᠬᠤᠢ᠌ᠯᠠᠯᠲᠠᠳᠢ ᠲᠠᠲᠠᠪᠠ᠃
11 ᠰᠠᠷ᠎ᠠ ᠵᠢᠨ 7᠎ᠤ ᠡᠳᠦᠷ᠎ᠤᠨ ᠥᠷᠯᠥᠭᠡ ᠡᠷᠲᠡ᠂ ᠵᠢᠷᠤᠭ — 204 ᠬᠡᠯᠪᠡᠷᠢ ᠵᠢᠨ ᠪᠥᠬᠥ ᠪᠠᠷᠠᠭ᠋ᠠᠨ᠎ᠤ ᠲᠡᠭᠡᠭᠡᠪᠦᠷᠢ ᠵᠢᠨ ᠨᠢᠰᠬᠡᠯ 27.14 ᠲᠣᠨ ᠠᠵᠤ ᠦᠢ᠍ᠯᠡᠳᠪᠦᠷᠢ ᠵᠢᠨ ᠪᠠᠭ᠋ᠠᠵᠢ ᠬᠡᠷᠡᠭᠰᠡᠯ᠂ ᠲᠣᠨᠣᠭ ᠲᠥᠬᠦᠭᠡᠷᠦᠮᠵᠢ ᠵᠢᠨ ᠰᠡᠯᠪᠢᠭ ᠲᠣᠨᠣᠭ ᠵᠡᠷᠭᠡ ᠪᠠᠷᠠᠭ᠎ᠠ ᠵᠢ ᠲᠡᠭᠡᠭᠡᠪᠦᠷᠢᠯᠡᠵᠦ᠂ ᠬᠥᠬᠡᠬᠣᠲᠠ ᠵᠢᠨ ᠴᠠᠭ᠋ᠠᠨ ᠰᠤᠪᠤᠷᠭ᠋ᠠᠲᠤ ᠤᠯᠠᠨ ᠤᠯᠤᠰ᠎ᠤᠨ ᠨᠢᠰᠬᠡᠯ᠎ᠤᠨ ᠪᠠᠭᠤᠳᠠᠯ᠎ᠠᠴᠠ ᠠᠮᠵᠢᠯᠲᠠ᠎ᠲᠠᠢ᠎ᠪᠠᠷ ᠨᠢᠰᠴᠦ᠂ ᠬᠥᠬᠡᠬᠣᠲᠠ — ᠤᠯᠠᠭ᠋ᠠᠠᠦ᠌ᠳᠡ — ᠮᠣᠰᠺᠸᠠ ᠵᠢᠨ ᠠᠭ᠋ᠠᠷ᠎ᠤᠨ ᠠᠶᠠᠯᠠᠯ᠎ᠤᠨ ᠡᠭᠦᠷᠭᠡ ᠵᠢ ᠭᠦᠢ᠍ᠴᠡᠳᠬᠡᠪᠡ᠃ ᠡᠨᠡ᠎ᠨᠢ ᠬᠥᠬᠡᠬᠣᠲᠠ ᠵᠢᠨ ᠴᠠᠭ᠋ᠠᠨ ᠰᠤᠪᠤᠷᠭ᠋ᠠᠲᠤ ᠤᠯᠠᠨ ᠤᠯᠤᠰ᠎ᠤᠨ ᠨᠢᠰᠬᠡᠯ᠎ᠤᠨ ᠪᠠᠭᠤᠳᠠᠯ ᠲᠢᠪ ᠠᠯᠤᠰᠯᠠᠬᠤ ᠪᠠᠷᠠᠭ᠋ᠠᠨ᠎ᠤ ᠲᠡᠭᠡᠭᠡᠪᠦᠷᠢ ᠵᠢᠨ ᠠᠭ᠋ᠠᠷ᠎ᠤᠨ ᠠᠶᠠᠯᠠᠯ᠎ᠤᠨ ᠱᠤᠭᠤᠮ᠎ᠢ ᠵᠢᠩᠬᠢᠨᠢ᠎ᠪᠠᠷ ᠨᠡᠪᠲᠡᠷᠡᠭᠦᠯᠦᠭᠰᠡᠨᠢ ᠬᠠᠷᠠᠭᠤᠯᠵᠤ ᠪᠠᠢ᠌ᠨ᠎ᠠ᠃
ᠨᠡᠭᠡᠭᠡᠯᠲᠡ ᠬᠢᠬᠦ ᠪᠣᠯ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠠᠮᠢᠵᠢᠷᠠᠯ᠎ᠤᠨ ᠬᠦᠴᠦᠨ᠎ᠤ ᠡᠬᠢ ᠰᠤᠷᠪᠤᠯᠵᠢ ᠮᠥᠨ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠵᠠᠪᠠᠯ ᠶᠠᠪᠤᠬᠤ ᠵᠠᠮ ᠮᠥᠨ᠃ ᠣᠢ᠌ᠷ᠎ᠠ ᠵᠢᠨ ᠵᠢᠯ᠎ᠠᠴᠠ᠂ ᠬᠥᠬᠡᠬᠣᠲᠠ ᠵᠢᠨ᠎ᠬᠢᠨ ᠭᠠᠳᠠᠭ᠋ᠠᠳᠤ ᠨᠡᠭᠡᠭᠡᠯᠲᠡ ᠵᠢᠨ ᠠᠵᠠ ᠲᠣᠬᠢᠶᠠᠯ᠎ᠢ ᠠᠮᠵᠢᠵᠤ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠡᠷᠴᠢᠮ ᠵᠶ᠋ᠡᠨ ᠴᠢᠩᠭ᠋ᠠᠷᠠᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠵᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠵᠦ ᠪᠠᠶ᠋ᠢᠭ᠋ᠠᠳ ᠭᠠᠳᠠᠭ᠋ᠠᠳᠤ ᠠᠷᠠᠯᠵᠢᠶᠠᠨ᠎ᠤ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ᠂ ᠭᠠᠳᠠᠭ᠋ᠠᠳᠤ ᠠᠷᠠᠯᠵᠢᠶ᠎ᠠ᠂ ᠭᠠᠳᠠᠭ᠋ᠠᠳᠤ ᠪᠡᠯᠡ ᠵᠢ ᠲᠠᠲᠠᠬᠤ᠂ ᠭᠠᠳᠠᠭ᠋ᠠᠳᠤ᠎ᠳᠤ ᠪᠡᠯᠡ ᠣᠷᠣᠭᠤᠯᠬᠤ ᠵᠡᠷᠭᠡ ᠥᠷᠨᠢᠭᠦᠨ ᠬᠥᠭᠵᠢᠯᠲᠡ ᠵᠢ ᠠᠬᠢᠭᠤᠯᠵᠤ ᠪᠤᠢ᠃ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ ᠠᠯᠢ ᠤᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠶᠡᠷᠦᠩᠬᠡᠢ᠌ᠯᠡᠭᠰᠡᠨ ᠦᠢ᠍ᠯᠡᠳᠦᠯ ᠦᠷᠭᠦᠯᠵᠢᠯᠡᠨ ᠢᠯᠡᠷᠡᠵᠦ᠂ ᠪᠦᠬᠦ ᠲᠠᠯ᠎ᠠ ᠵᠢᠨ᠂ ᠪᠦᠬᠦ ᠬᠦᠷᠢᠶᠡᠨ᠎ᠤ ᠨᠡᠭᠡᠭᠡᠯᠲᠡ ᠵᠢᠨ ᠪᠠᠢ᠌ᠷᠢᠰᠢᠯ ᠤᠯᠠᠮ᠎ᠠᠴᠠ ᠤᠯᠠᠮ ᠢᠯᠡᠷᠬᠡᠢ ᠪᠣᠯᠪᠠ᠃
ᠡᠨᠡ ᠵᠢᠯ᠂ ᠬᠥᠬᠡᠬᠣᠲᠠ ᠤᠯᠠᠨ ᠤᠯᠤᠰ᠎ᠤᠨ ᠡᠬᠡ ᠬᠠᠭᠤᠷᠠᠢ ᠵᠢᠨ ᠭᠠᠷᠠᠮ᠎ᠤᠨ ᠨᠡᠪᠲᠡᠷᠡᠬᠦ ᠵᠠᠮ᠎ᠤᠨ ᠳᠠᠪᠠᠭᠤᠯᠢᠭ᠎ᠲᠤ᠎ᠪᠠᠨ ᠲᠦᠰᠢᠭᠯᠡᠨ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠰᠢᠨ᠎ᠡ ᠵᠢ ᠡᠭᠦᠳᠬᠦ ᠬᠥᠭᠵᠢᠯᠲᠡ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠵᠢᠰᠢᠶᠠᠨ᠎ᠤ ᠭᠠᠯᠲᠤ ᠲᠡᠷᠭᠡ ᠵᠢᠨ ᠲᠡᠭᠡᠭᠡᠪᠦᠷᠢᠯᠡᠬᠦ ᠵᠠᠮ ᠱᠤᠭᠤᠮ᠎ᠢ ᠢᠳᠡᠪᠬᠢᠲᠡᠢ ᠥᠷᠭᠡᠳᠬᠡᠬᠦ ᠵᠢᠨ ᠬᠠᠮᠲᠤ᠂ ᠠᠩᠬᠠᠨ᠎ᠤ 《ᠲᠡᠮᠦᠷ ᠵᠠᠮ ᠵᠶ᠋ᠡᠷ ᠲᠦᠷᠭᠡᠨ ᠪᠣᠭᠣᠮᠲᠠ ᠥᠩᠭᠡᠷᠡᠬᠦ》 ᠵᠠᠭᠪᠤᠷ᠎ᠢ ᠬᠥᠬᠡᠬᠣᠲᠠ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ᠎ᠪᠠᠷ ᠳᠡᠮᠵᠢᠨ᠂ ᠬᠥᠬᠡᠬᠣᠲᠠ ᠵᠢᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠪᠣᠭᠣᠮᠲᠠ᠎ᠪᠠᠷ ᠥᠩᠭᠡᠷᠡᠬᠦ ᠵᠢ ᠳᠥᠭᠥᠮᠴᠢᠯᠡᠬᠦ ᠬᠡᠮᠵᠢᠶ᠎ᠡ ᠪᠠ ᠪᠣᠭᠣᠮᠲᠠ᠎ᠪᠠᠷ ᠥᠩᠭᠡᠷᠡᠬᠦ ᠬᠦᠴᠦᠨ᠎ᠲᠠᠢ ᠬᠤᠭᠤᠴᠠᠭ᠎ᠠ ᠵᠢ ᠪᠦᠲᠦᠮᠵᠢᠲᠡᠢ᠎ᠪᠠᠷ ᠳᠡᠭᠡᠭᠰᠢᠯᠡᠭᠦᠯᠵᠦ᠂ ᠬᠥᠬᠡᠬᠣᠲᠠ ᠵᠢᠨ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠠᠵᠢᠯᠯᠠᠭ᠋ᠠᠨ᠎ᠤ ᠶᠠᠰᠤ ᠴᠢᠨᠠᠷ ᠪᠠ ᠲᠡᠭᠡᠭᠡᠪᠦᠷᠢ ᠵᠢᠨ ᠦᠢ᠍ᠯᠡᠳᠦᠯ ᠴᠢᠳᠠᠪᠤᠷᠢ ᠵᠢ ᠲᠦᠷᠭᠡᠨ ᠵᠶ᠋ᠡᠷ ᠳᠡᠭᠡᠭᠰᠢᠯᠡᠭᠦᠯᠪᠡ; ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠯᠡᠨ ᠬᠥᠬᠡᠬᠣᠲᠠ ᠵᠢᠨ ᠴᠠᠭ᠋ᠠᠨ ᠰᠤᠪᠤᠷᠭ᠎ᠠ ᠵᠢᠨ ᠤᠯᠠᠨ ᠤᠯᠤᠰ᠎ᠤᠨ ᠨᠢᠰᠬᠡᠯ᠎ᠤᠨ ᠪᠠᠭᠤᠳᠠᠯ᠎ᠤᠨ ᠤᠯᠠᠨ ᠤᠯᠤᠰ᠎ᠤᠨ ᠠᠶᠠᠨᠴᠢᠳ ᠪᠠ ᠪᠠᠷᠠᠭ᠎ᠠ ᠲᠡᠭᠡᠭᠡᠪᠦᠷᠢ ᠵᠢᠨ ᠠᠶᠠᠯᠠᠯ᠎ᠤᠨ ᠱᠤᠭᠤᠮ᠎ᠢ ᠥᠷᠭᠡᠳᠬᠡᠬᠦ ᠵᠢ ᠠᠬᠢᠭᠤᠯᠵᠤ᠂ ᠣᠷᠣᠨ᠎ᠤ ᠲᠥᠪ᠎ᠤᠨ ᠤᠯᠠᠨ ᠤᠯᠤᠰ᠎ᠤᠨ ᠠᠭ᠋ᠠᠷ᠎ᠤᠨ ᠠᠶᠠᠯᠠᠯ᠎ᠤᠨ ᠰᠦᠯᠵᠢᠶ᠎ᠡ ᠵᠢᠨ ᠨᠥᠯᠥᠭᠡᠯᠡᠬᠦ ᠴᠢᠳᠠᠪᠤᠷᠢ ᠵᠢ ᠨᠡᠮᠡᠭᠳᠡᠭᠦᠯᠵᠦ᠂ ᠤᠯᠠᠨ ᠤᠯᠤᠰ᠎ᠤᠨ ᠠᠭ᠋ᠠᠷ᠎ᠤᠨ ᠠᠶᠠᠯᠠᠯ᠎ᠤᠨ ᠬᠦᠢ᠍ᠰᠦ ᠪᠣᠭᠣᠮᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠵᠦ᠂ ᠬᠥᠬᠡᠬᠣᠲᠠ ᠪᠣᠯᠣᠨ ᠡᠸᠦ᠋ᠷᠦᠫᠡ ᠲᠢᠪ᠎ᠤᠨ ᠭᠠᠵᠠᠷ ᠣᠷᠣᠨ᠎ᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠳᠤ ᠨᠡᠩ ᠳᠥᠭᠥᠮ ᠳᠥᠲᠡ ᠥᠨᠳᠥᠷ ᠪᠦᠲᠦᠮᠵᠢᠲᠡᠢ ᠠᠭ᠋ᠠᠷ᠎ᠤᠨ ᠨᠡᠪᠲᠡᠷᠡᠬᠦ ᠵᠠᠮ᠎ᠢ ᠪᠤᠢ ᠪᠣᠯᠭ᠋ᠠᠪᠠ᠃
ᠡᠨᠡ ᠵᠢᠯ᠎ᠠᠴᠠ ᠨᠠᠭ᠋ᠠᠰᠢ᠂ ᠬᠥᠬᠡᠬᠣᠲᠠ ᠵᠢᠨ ᠨᠡᠭᠡᠭᠡᠯᠲᠡᠲᠤ ᠬᠡᠯᠪᠡᠷᠢ ᠵᠢᠨ ᠠᠵᠤ ᠠᠬᠤᠢ᠎ᠳᠤ ᠪᠦᠬᠦ ᠲᠠᠯ᠎ᠠ᠎ᠪᠠᠷ ᠥᠷᠭᠡᠵᠢᠭᠰᠡᠨ᠂ ᠲᠣᠭᠲᠠᠭᠤᠨ᠎ᠤ ᠳᠤᠮᠳᠠ ᠤᠷᠤᠭᠰᠢᠯᠠᠭᠰᠠᠨ ᠰᠠᠢ᠍ᠢ᠍ᠨ ᠰᠠᠢ᠌ᠬᠠᠨ ᠪᠠᠶ᠋ᠢᠳᠠᠯ ᠢᠯᠡᠷᠡᠵᠦ᠂ 1 — 10 ᠰᠠᠷ᠎ᠠ᠎ᠳᠤ᠂ ᠬᠥᠬᠡᠬᠣᠲᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠬᠡᠮᠵᠢᠶ᠎ᠡ 184.77 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 32.8% ᠨᠡᠮᠡᠭᠳᠡᠵᠡᠢ᠃ ᠡᠨᠡ ᠵᠢᠯ᠎ᠤᠨ ᠲᠦᠷᠦᠭᠦᠦ 10 ᠰᠠᠷ᠎ᠠ᠎ᠳᠤ᠂ ᠬᠥᠬᠡᠬᠣᠲᠠ ᠵᠢᠨ᠎ᠬᠢᠨ ᠪᠦᠬᠦ ᠪᠥᠮᠪᠥᠷᠴᠡᠭ᠎ᠤᠨ 160 ᠤᠯᠤᠰ ᠪᠠ ᠭᠠᠵᠠᠷ ᠣᠷᠣᠨ᠎ᠲᠠᠢ ᠠᠷᠠᠯᠵᠢᠶᠠᠨ᠎ᠤ ᠶᠠᠪᠤᠯᠴᠠᠭ᠎ᠠ᠎ᠲᠠᠢ ᠪᠠᠢ᠌ᠵᠤ᠂ ᠭᠣᠣᠯ ᠪᠣᠯᠬᠤ ᠠᠷᠠᠯᠵᠢᠶᠠᠨ᠎ᠤ ᠬᠠᠨᠢᠲᠠᠳ᠎ᠤᠨ ᠳᠣᠲᠣᠷ᠎ᠠ᠂ ᠵᠡᠭᠦᠨ ᠡᠮᠦᠨᠡᠲᠦ ᠠᠽᠢᠶ᠎ᠠ ᠵᠢᠨ ᠬᠣᠯᠪᠣᠭ᠎ᠠ ᠵᠢᠨ 10 ᠤᠯᠤᠰ᠂ ᠬᠠᠮᠲᠤ᠎ᠪᠠᠷ ᠪᠠᠢ᠌ᠭᠤᠯᠤᠭᠰᠠᠨ 《ᠨᠢᠭᠡ ᠪᠦᠰᠡ ᠨᠢᠭᠡ ᠵᠠᠮ》᠎ᠤᠨ ᠤᠯᠤᠰ᠂ RCEP ᠵᠢᠨ ᠪᠤᠰᠤᠳ ᠪᠦᠷᠢᠯᠳᠦᠬᠦᠨ ᠤᠯᠤᠰ᠎ᠤᠳ᠎ᠲᠠᠢ ᠬᠢᠭᠰᠡᠨ ᠠᠷᠠᠯᠵᠢᠶᠠᠨ᠎ᠤ ᠬᠡᠮᠵᠢᠶ᠎ᠡ ᠲᠤᠰ ᠲᠤᠰ 382.35%᠂ 71% ᠪᠠ 61% ᠨᠡᠮᠡᠭᠳᠡᠪᠡ; ᠥᠨᠳᠥᠷ ᠨᠡᠮᠡᠯᠲᠡ ᠥᠷᠲᠡᠭᠲᠦ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ ᠲᠦᠷᠭᠡᠨ ᠵᠶ᠋ᠡᠷ ᠨᠡᠮᠡᠭᠳᠡᠬᠦ ᠬᠠᠨᠳᠤᠰᠢ᠎ᠲᠠᠢ ᠪᠠᠢ᠌ᠨ᠎ᠠ᠂ ᠡᠭᠦᠨ᠎ᠳᠤ᠂ ᠮᠠᠰᠢᠨ ᠴᠠᠬᠢᠯᠭ᠋ᠠᠨ᠎ᠤ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ 23.15 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 120.6%᠎ᠪᠠᠷ ᠨᠡᠮᠡᠭᠳᠡᠨ᠂ ᠮᠠᠰᠢᠨ ᠲᠡᠷᠭᠡᠨ᠎ᠤ ᠭᠠᠳᠠᠭ᠋ᠠᠳᠤ ᠭᠠᠷᠭ᠋ᠠᠯᠲᠠ 5.14 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 30%᠎ᠪᠠᠷ ᠨᠡᠮᠡᠭᠳᠡᠪᠡ; ᠠᠦ᠋ᠲ᠋ᠣ᠋ ᠲᠣᠭ᠎ᠠ ᠪᠠᠷᠢᠮᠲᠠ ᠰᠢᠢ᠍ᠳᠪᠦᠷᠢᠯᠡᠬᠦ ᠲᠥᠬᠦᠭᠡᠷᠦᠮᠵᠢ ᠵᠢᠨ ᠭᠠᠳᠠᠭ᠋ᠠᠳᠤ ᠭᠠᠷᠭ᠋ᠠᠯᠲᠠ 2.25 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 29 ᠳᠠᠬᠢᠨ ᠨᠡᠮᠡᠭᠳᠡᠪᠡ; ᠡᠮ᠎ᠤᠨ ᠵᠦᠢ᠍ᠯ ᠪᠠ ᠢᠮᠠᠭ᠋ᠠᠨ ᠨᠣᠯᠣᠣᠷ᠎ᠤᠨ ᠦᠢ᠍ᠯᠡᠳᠬᠦᠨ ᠵᠡᠷᠭᠡ ᠭᠠᠳᠠᠭ᠋ᠠᠳᠤ᠎ᠳᠤ ᠭᠠᠷᠭ᠋ᠠᠬᠤ ᠤᠯᠠᠮᠵᠢᠯᠠᠯᠲᠤ ᠦᠢ᠍ᠯᠡᠳᠬᠦᠨ ᠲᠣᠭᠲᠠᠭᠤᠨ ᠵᠶ᠋ᠠᠷ ᠨᠡᠮᠡᠭᠳᠡᠪᠡ᠂ ᠡᠭᠦᠨ᠎ᠳᠤ᠂ ᠡᠮ᠎ᠤᠨ ᠵᠦᠢ᠍ᠯ᠎ᠤᠨ ᠭᠠᠳᠠᠭ᠋ᠠᠳᠤ ᠭᠠᠷᠭ᠋ᠠᠯᠲᠠ 13.8 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 13.5%᠎ᠪᠠᠷ ᠨᠡᠮᠡᠭᠳᠡᠨ᠂ ᠢᠮᠠᠭ᠋ᠠᠨ ᠨᠣᠯᠣᠣᠷ᠎ᠤᠨ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ 4.66 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 21.4%᠎ᠪᠠᠷ ᠨᠡᠮᠡᠭᠳᠡᠪᠡ; ᠨᠡᠭᠡᠭᠡᠯᠲᠡ ᠵᠢᠨ ᠲᠠᠪᠴᠠᠩ᠎ᠤᠨ ᠭᠣᠣᠯ ᠬᠦᠴᠦᠨ᠎ᠤ ᠦᠢ᠍ᠯᠡᠳᠦᠯ ᠲᠣᠪᠣᠢ᠌ᠮ᠎ᠠ ᠪᠠᠢ᠌ᠵᠤ᠂ ᠲᠦᠷᠦᠭᠦᠸ᠋ 10 ᠰᠠᠷ᠎ᠠ᠎ᠳᠤ᠂ ᠬᠥᠬᠡᠬᠣᠲᠠ ᠵᠢᠨ ᠶᠡᠷᠦᠩᠬᠡᠢ᠌ᠯᠡᠭᠰᠡᠨ ᠭᠠᠢ᠌ᠯᠢ ᠪᠠᠲᠤᠯᠠᠬᠤ ᠣᠷᠣᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 76.28 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 120.4%᠎ᠪᠠᠷ ᠨᠡᠮᠡᠭᠳᠡᠨ᠂ ᠪᠥᠬᠥ ᠬᠣᠲᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠦᠷᠭᠡᠨ ᠨᠡᠮᠡᠭᠳᠡᠯ᠎ᠢ ᠳᠠᠢ᠌ᠴᠢᠯᠠᠬᠤ ᠭᠣᠣᠯ ᠬᠦᠴᠦᠨ ᠪᠣᠯᠪᠠ; ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠰᠢᠨ᠎ᠡ ᠠᠮᠢᠵᠢᠷᠠᠯ᠎ᠤᠨ ᠬᠦᠴᠦᠨ ᠵᠶ᠋ᠡᠷ ᠪᠢᠯᠬᠠᠵᠤ᠂ ᠲᠦᠷᠦᠭᠦᠦ 10 ᠰᠠᠷ᠎ᠠ᠎ᠳᠤ᠂ ᠬᠥᠬᠡᠬᠣᠲᠠ ᠵᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠡᠷᠦᠩᠬᠡᠢ᠌ᠯᠡᠭᠰᠡᠨ ᠲᠤᠷᠰᠢᠯᠲᠠ ᠵᠢᠨ ᠣᠷᠣᠨ᠎ᠤ ᠠᠷᠠᠯᠵᠢᠶᠠᠨ᠎ᠤ ᠬᠡᠮᠵᠢᠶ᠎ᠡ 5.31 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 99.62% ᠵᠶ᠋ᠠᠷ ᠨᠡᠮᠡᠭᠳᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠪᠠ; ᠭᠠᠳᠠᠭ᠋ᠠᠳᠤ᠎ᠳᠤ ᠭᠠᠷᠭ᠋ᠠᠭᠰᠠᠨ ᠭᠠᠷ ᠳᠠᠮᠵᠢᠭᠰᠠᠨ ᠮᠠᠰᠢᠨ ᠲᠡᠷᠭᠡ 3305 ᠰᠠᠤᠷᠢ ᠪᠠᠢ᠌ᠵᠤ᠂ ᠠᠷᠠᠯᠵᠢᠶᠠᠨ᠎ᠤ ᠬᠡᠮᠵᠢᠶ᠎ᠡ᠎ᠨᠢ 2.3 ᠳ᠋ᠦᠩᠰᠢᠭᠤᠷ ᠲᠥᠭᠥᠷᠢᠭ᠎ᠲᠤ ᠬᠦᠷᠴᠡᠢ᠃
ᠣᠢ᠌ᠷ᠎ᠠ ᠵᠢᠨ ᠵᠢᠯ᠎ᠠᠴᠠ ᠨᠠᠭ᠋ᠠᠰᠢ᠂ ᠬᠥᠬᠡᠬᠣᠲᠠ ᠵᠢᠨ᠎ᠬᠢᠨ ᠠᠵᠤ ᠠᠬᠤᠢ᠌ᠯᠠᠯ᠎ᠢ ᠢᠳᠡᠪᠬᠢᠲᠡᠢ ᠬᠥᠲᠥᠯᠥᠨ ᠳᠠᠭ᠋ᠠᠭᠤᠯᠵᠤ᠂ 《ᠬᠠᠤᠯᠢ ᠶᠣᠰᠣᠭ᠋ᠠᠷ ᠳᠦᠷᠢᠮ᠎ᠳᠤ ᠨᠡᠶ᠋ᠢᠴᠡᠬᠦ᠂ ᠪᠠᠢ᠌ᠯᠳᠤᠬᠤ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠂ ᠠᠶᠤᠯ ᠲᠦᠭᠰᠢᠭᠦᠷᠢ ᠵᠢ ᠡᠵᠡᠮᠳᠡᠬᠦ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ》 ᠵᠠᠷᠴᠢᠮ ᠶᠣᠰᠣᠭ᠋ᠠᠷ ᠬᠢᠯᠢ ᠵᠢᠨ ᠭᠠᠳᠠᠨᠠᠬᠢ ᠪᠡᠯᠡ ᠣᠷᠣᠭᠤᠯᠤᠯᠲᠠ ᠵᠢ ᠥᠷᠨᠢᠭᠦᠯᠵᠦ᠂ ᠶᠡᠬᠡ ᠬᠡᠪᠴᠢᠶ᠎ᠡ᠎ᠪᠠᠷ 《ᠭᠠᠳᠠᠭᠰᠢ ᠭᠠᠷᠬᠤ》 ᠵᠢ ᠬᠥᠭᠡᠭᠡᠴᠡᠯᠳᠦᠵᠦ ᠪᠠᠢ᠌ᠭᠰᠠᠨ᠎ᠠᠴᠠ ᠥᠨᠳᠥᠷ ᠲᠦᠪᠰᠢᠨ ᠵᠶ᠋ᠡᠷ 《ᠭᠠᠳᠠᠭᠰᠢ ᠭᠠᠷᠬᠤ》 ᠲᠡᠢ᠌ᠰᠢ ᠠᠯᠬᠤᠮ ᠠᠯᠬᠤᠮ ᠵᠶ᠋ᠠᠷ ᠬᠤᠪᠢᠷᠠᠭᠤᠯᠵᠤ᠂ ᠭᠠᠳᠠᠭ᠋ᠠᠳᠤ᠎ᠳᠤ ᠪᠡᠯᠡ ᠣᠷᠣᠭᠤᠯᠬᠤ ᠡᠵᠡᠩᠨᠡᠯᠲᠡ ᠵᠢᠨ ᠬᠡᠯᠪᠡᠷᠢ ᠵᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ᠭᠠᠳᠠᠭ᠋ᠠᠳᠤ ᠪᠡᠯᠡ ᠤᠷᠤᠭᠤᠯᠤᠯᠳᠠ ᠵᠢᠨ ᠪᠦᠲᠦᠴᠡ ᠵᠢ ᠰᠢᠯᠢᠳᠡᠭᠵᠢᠭᠦᠯᠵᠦ᠂ ᠭᠠᠳᠠᠭ᠋ᠠᠳᠤ ᠪᠡᠯᠡ ᠤᠷᠤᠭᠤᠯᠤᠯᠳᠠ ᠵᠢᠨ ᠴᠢᠨᠠᠷ ᠰᠠᠢ᠌ᠲᠠᠢ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠵᠠᠢ᠃ ᠡᠨᠡ ᠵᠢᠯ᠎ᠤᠨ ᠲᠦᠷᠦᠭᠦᠸ᠋ ᠭᠤᠷᠪᠠᠨ ᠤᠯᠠᠷᠢᠯ᠎ᠳᠤ᠂ ᠬᠥᠬᠡᠬᠣᠲᠠ ᠵᠢᠨ ᠭᠠᠳᠠᠭ᠋ᠠᠳᠤ ᠪᠡᠯᠡ ᠣᠷᠣᠭᠤᠯᠤᠯᠲᠠ ᠵᠢᠨ ᠪᠣᠳᠠᠲᠠᠢ᠌ᠵᠢᠭᠰᠠᠨ ᠪᠡᠯᠡ ᠮᠥᠩᠭᠥ 29.19 ᠳ᠋ᠦᠩᠰᠢᠭᠤᠷ ᠲᠥᠭᠥᠷᠢᠭ᠎ᠲᠤ ᠬᠦᠷᠴᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠪᠠ᠃ ᠬᠥᠬᠡᠬᠣᠲᠠ ᠵᠢᠨ᠎ᠬᠢᠨ ᠭᠠᠵᠠᠷ ᠣᠷᠣᠨ᠎ᠤ ᠳᠠᠪᠠᠭᠤᠯᠢᠭ ᠵᠶ᠋ᠡᠷ ᠠᠵᠤ ᠠᠬᠤᠢ᠌ᠯᠠᠯ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠠᠵᠤ ᠦᠢ᠍ᠯᠡᠰ᠎ᠤᠨ ᠬᠡᠯᠬᠢᠶ᠎ᠡ ᠵᠢᠨ ᠬᠢᠯᠢ ᠠᠯᠤᠰᠯᠠᠭᠰᠠᠨ ᠵᠣᠬᠢᠰᠲᠠᠢ ᠪᠠᠢ᠌ᠷᠢᠰᠢᠭᠤᠯᠤᠯᠲᠠ ᠵᠢ ᠴᠢᠩᠭ᠋ᠠᠳᠬᠠᠵᠤ᠂ ᠲᠥᠪ ᠠᠽᠢᠶ᠎ᠠ᠂ ᠵᠡᠭᠦᠨ ᠡᠮᠦᠨᠡᠲᠦ ᠠᠽᠢᠶ᠎ᠠ ᠵᠢᠨ ᠬᠣᠯᠪᠣᠭ᠎ᠠ᠂ ᠶᠠᠫᠤᠨ ᠺᠣᠷᠢᠶᠠ ᠵᠢᠴᠢ ᠠᠹᠷᠢᠺᠠ ᠲᠢᠪ᠎ᠤᠨ ᠤᠯᠤᠰ᠎ᠤᠳ᠎ᠤᠨ ᠵᠠᠬ᠎ᠠ ᠳᠡᠯᠭᠡᠭᠦᠷ᠎ᠢ ᠢᠳᠡᠪᠬᠢᠲᠡᠢ᠎ᠪᠠᠷ ᠨᠡᠭᠡᠭᠡᠵᠦ᠂ ᠠᠵᠤ ᠠᠬᠤᠢ᠌ᠯᠠᠯ ᠪᠣᠯᠣᠨ ᠤᠯᠤᠰ ᠠᠯᠤᠰᠯᠠᠭᠰᠠᠨ ᠺᠣᠮᠫᠠᠨᠢ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠵᠢ ᠠᠬᠢᠭᠤᠯᠵᠤ᠂ ᠤᠯᠤᠰ᠎ᠤᠨ ᠭᠠᠳᠠᠭ᠋ᠠᠳᠤ ᠵᠢᠨ ᠰᠢᠯᠢᠳᠡᠭ ᠳᠦᠷᠦᠯ ᠵᠦᠢ᠍ᠯ ᠪᠣᠯᠣᠨ ᠲᠡᠷᠢᠭᠦᠨ᠎ᠤ ᠮᠡᠷᠭᠡᠵᠢᠯ᠎ᠢ ᠤᠯᠤᠰ᠎ᠤᠨ ᠳᠣᠲᠣᠭ᠋ᠠᠳᠤ᠎ᠳᠤ ᠣᠷᠣᠭᠤᠯᠬᠤ᠎ᠪᠠᠷ ᠴᠢᠷᠮᠠᠢ᠌ᠵᠤ᠂ ᠬᠣᠶᠠᠷ ᠵᠠᠬ᠎ᠠ ᠳᠡᠯᠭᠡᠭᠦᠷ᠂ ᠬᠣᠶᠠᠷ ᠵᠦᠢ᠍ᠯ᠎ᠤᠨ ᠡᠬᠢ ᠪᠠᠶᠠᠯᠢᠭ᠎ᠢ ᠨᠡᠩ ᠰᠠᠶ᠋ᠢᠲᠤᠷ ᠠᠰᠢᠭᠯᠠᠵᠤ᠂ ᠠᠵᠤ ᠠᠬᠤᠢ᠌ᠯᠠᠯ᠎ᠤᠨ ᠳᠡᠯᠡᠬᠡᠢ᠎ᠳᠠᠬᠢ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠵᠡᠢ᠃ ᠲᠦᠷᠦᠭᠦᠦ ᠭᠤᠷᠪᠠᠨ ᠤᠯᠠᠷᠢᠯ᠎ᠳᠤ᠂ ᠬᠥᠬᠡᠬᠣᠲᠠ ᠵᠢᠨ ᠭᠠᠳᠠᠭ᠋ᠠᠳᠤ᠎ᠳᠤ ᠪᠡᠯᠡ ᠣᠷᠣᠭᠤᠯᠬᠤ᠎ᠪᠠᠷ ᠳᠠᠩᠰᠠᠯᠠᠭᠤᠯᠤᠭᠰᠠᠨ ᠳᠦᠷᠦᠯ ᠵᠦᠢ᠍ᠯ᠎ᠤᠨ ᠲᠣᠭ᠎ᠠ ᠦᠷᠭᠦᠯᠵᠢᠯᠡᠨ ᠨᠡᠮᠡᠭᠳᠡᠵᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 71% ᠨᠡᠮᠡᠭᠳᠡᠵᠦ᠂ ᠰᠢᠨ᠎ᠡ᠎ᠪᠠᠷ ᠨᠡᠮᠡᠭᠳᠡᠭᠰᠡᠨ ᠵᠥᠪᠯᠡᠯᠴᠡᠭᠡᠷ᠎ᠤᠨ ᠪᠡᠯᠡ ᠣᠷᠣᠭᠤᠯᠤᠯᠲᠠ ᠵᠢᠨ ᠲᠣᠭ᠎ᠠ 3.05 ᠳ᠋ᠦᠩᠰᠢᠭᠤᠷ ᠲᠥᠭᠥᠷᠢᠭ᠎ᠲᠤ ᠬᠦᠷᠴᠡᠢ᠃
ᠭᠠᠳᠠᠭ᠋ᠠᠳᠤ ᠠᠷᠠᠯᠵᠢᠶᠠᠨ᠎ᠤ ᠬᠠᠮᠲᠤᠷᠠᠯᠴᠠᠭ᠎ᠠ ᠵᠢ ᠲᠠᠰᠤᠷᠠᠯᠲᠠ ᠦᠭᠡᠢ ᠴᠢᠩᠭ᠋ᠠᠳᠬᠠᠬᠤ᠎ᠠᠴᠠ ᠭᠠᠳᠠᠨ᠎ᠠ᠂ ᠣᠢ᠌ᠷ᠎ᠠ ᠵᠢᠨ ᠵᠢᠯ᠎ᠠᠴᠠ᠂ ᠬᠥᠬᠡᠬᠣᠲᠠ ᠪᠠᠰᠠ ᠭᠠᠳᠠᠭ᠋ᠠᠳᠤ ᠨᠡᠭᠡᠭᠡᠯᠲᠡ᠎ᠪᠠᠨ ᠲᠠᠰᠤᠷᠠᠯᠳᠡ ᠦᠭᠡᠢ ᠭᠦᠨᠵᠡᠭᠡᠢ᠌ᠷᠡᠭᠦᠯᠵᠦ᠂ ᠳᠡᠯᠡᠬᠡᠢ ᠵᠢᠨ ᠡᠯ᠎ᠡ ᠤᠯᠤᠰ᠎ᠤᠨ ᠬᠤᠳᠠ᠎ᠯᠤᠭ᠎ᠠ ᠵᠢᠨ ᠨᠥᠬᠥᠷᠰᠡᠭ ᠬᠠᠮᠲᠤᠷᠠᠯᠴᠠᠭ᠎ᠠ᠎ᠪᠠᠨ ᠪᠡᠬᠢᠵᠢᠭᠦᠯᠦᠨ ᠥᠷᠭᠡᠳᠬᠡᠵᠦ᠂ ᠣᠳᠣᠬᠠᠨ᠎ᠳᠤ ᠮᠣᠩᠭᠣᠯ ᠤᠯᠤᠰ᠎ᠤᠨ ᠤᠯᠠᠭ᠋ᠠᠨᠪᠠᠭ᠋ᠠᠲᠤᠷ ᠬᠤᠳᠠ᠂ ᠤᠷᠤᠰ᠎ᠤᠨ ᠤᠯᠠᠭ᠋ᠠᠠᠦ᠌ᠳᠡ ᠬᠤᠳᠠ᠂ ᠶᠠᠫᠤᠨ᠎ᠤ ᠤᠺᠠᠽᠠᠺᠢ ᠬᠤᠳᠠ ᠵᠡᠷᠭᠡ 8 ᠭᠠᠳᠠᠭ᠋ᠠᠳᠤ ᠵᠢᠨ ᠬᠤᠳᠠ᠎ᠲᠠᠢ ᠵᠢᠩᠬᠢᠨᠢ᠎ᠪᠠᠷ ᠨᠥᠬᠥᠷᠰᠡᠭ ᠬᠤᠳᠠ ᠵᠢᠨ ᠬᠠᠷᠢᠯᠴᠠᠭ᠎ᠠ ᠪᠠᠢ᠌ᠭᠤᠯᠬᠤ ᠵᠢᠨ ᠬᠠᠮᠲᠤ ᠪᠠᠰᠠ 20 ᠭᠠᠷᠤᠢ ᠭᠠᠳᠠᠭ᠋ᠠᠳᠤ ᠤᠯᠤᠰ᠎ᠤᠨ ᠬᠤᠳᠠ᠎ᠲᠠᠢ ᠲᠣᠭᠲᠠᠭᠤᠨ ᠰᠣᠯᠢᠯᠴᠠᠭ᠎ᠠ ᠬᠠᠮᠲᠤᠷᠠᠯᠴᠠᠭ᠋ᠠᠨ᠎ᠤ ᠬᠠᠷᠢᠯᠴᠠᠭ᠎ᠠ ᠪᠠᠢ᠌ᠭᠤᠯᠵᠠᠢ᠃
ᠨᠡᠭᠡᠭᠡᠯᠲᠡ ᠬᠢᠬᠦ ᠵᠢ ᠡᠷᠬᠢᠮᠯᠡᠭᠴᠢ ᠤᠷᠤᠭᠰᠢᠯᠠᠵᠤ᠂ ᠨᠡᠭᠡᠭᠡᠯᠲᠡ ᠬᠢᠬᠦ ᠵᠢ ᠡᠷᠬᠢᠮᠯᠡᠭᠴᠢ ᠬᠦᠴᠦᠷᠬᠡᠭᠵᠢᠵᠦ᠂ ᠨᠡᠭᠡᠭᠡᠯᠲᠡ ᠬᠢᠬᠦ ᠵᠢ ᠡᠷᠬᠢᠮᠯᠡᠭᠴᠢ ᠢᠯᠠᠯᠲᠠ ᠣᠯᠣᠨ᠎ᠠ᠃ ᠥᠨᠳᠥᠷ ᠲᠦᠪᠰᠢᠨ᠎ᠲᠠᠢ ᠨᠡᠭᠡᠭᠡᠯᠲᠡ ᠬᠢᠬᠦ ᠪᠣᠯ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠨᠡᠭᠡᠭᠡᠯᠲᠡ ᠵᠢᠨ ᠠᠯᠬᠤᠭ᠎ᠠ ᠤᠯᠠᠮ᠎ᠠᠴᠠ ᠤᠯᠠᠮ ᠶᠡᠬᠡ ᠪᠣᠯᠵᠤ᠂ ᠤᠯᠠᠮ᠎ᠠᠴᠠ ᠤᠯᠠᠮ ᠯᠠᠪᠳᠠᠭᠤᠨ ᠪᠣᠯᠬᠤ ᠵᠢ ᠳᠠᠭ᠋ᠠᠯᠳᠤᠨ᠂ ᠬᠥᠬᠡᠬᠣᠲᠠ ᠶᠠᠭ ᠳᠡᠯᠡᠬᠡᠢ ᠵᠢᠨ ᠠᠵᠤ ᠠᠬᠤᠢ ᠵᠢᠨ ᠲᠠᠪᠴᠠᠩ᠎ᠳᠤ ᠭᠦᠨᠵᠡᠭᠡᠢ ᠠᠭᠤᠰᠤᠯᠴᠠᠵᠤ᠂ ᠥᠪᠡᠷᠮᠢᠴᠡ ᠣᠨᠴᠠᠯᠢᠭ᠎ᠲᠠᠢ ᠴᠤᠭ ᠵᠢᠪᠬᠤᠭ᠎ᠠ᠎ᠪᠠᠨ ᠢᠯᠡᠷᠡᠭᠦᠯᠵᠦ᠂ ᠭᠠᠳᠠᠭ᠋ᠠᠳᠤ ᠨᠡᠭᠡᠭᠡᠯᠲᠡ ᠵᠢᠨ ᠭᠣᠢ᠌ᠳᠠ ᠰᠠᠢ᠌ᠬᠠᠨ ᠵᠢᠷᠤᠭ ᠳᠦᠷᠰᠦ ᠠᠭ᠋ᠠᠵᠢᠮ ᠵᠶ᠋ᠠᠷ ᠳᠡᠯᠭᠡᠭᠳᠡᠵᠦ ᠪᠠᠢ᠌ᠨ᠎ᠠ ᠁