ᠪᠦᠬᠦ ᠪᠥᠮᠪᠥᠷᠴᠡᠭ᠎ᠦᠨ ᠬᠥᠭᠵᠢᠯᠲᠡ᠎ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠠᠮᠤᠷ ᠲᠦᠪᠰᠢᠨ᠎ᠦ ᠰᠠᠨᠠᠭᠠᠴᠢᠯᠠᠭ᠎ᠠ᠂ ᠪᠦᠬᠦ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶᠢ ᠵᠠᠯᠭᠠᠭ᠎ᠠ ᠵᠠᠯᠭᠠᠭ᠎ᠠ᠎ᠪᠠᠷ ᠳᠤᠷᠠᠳᠤᠭᠰᠠᠨ᠎ᠤ ᠳᠠᠷᠠᠭ᠎ᠠ᠂ ᠲᠡᠷᠢᠭᠦᠯᠡᠭᠴᠢ ᠰᠢ ᠵᠢᠨ ᠫᠢᠩ 9 ᠳ᠋ᠦ᠍ᠭᠡᠷ ᠰᠠᠷ᠎ᠠ᠎ᠶᠢᠨ 1 ᠦ ᠡᠳᠦᠷ ᠲᠢᠶᠠᠨᠵᠢᠨ᠎ᠳᠤ ᠬᠤᠷᠠᠯᠳᠤᠭᠰᠠᠨ 《ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ +》 ᠬᠤᠷᠠᠯᠳᠤᠭᠠᠨ ᠳᠡᠭᠡᠷ᠎ᠡ᠂ ᠪᠦᠬᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭ᠎ᠠ᠎ᠶᠢ ᠳᠤᠷᠠᠳᠪᠠ᠄ ᠨᠢᠭᠡᠳᠦᠭᠡᠷ᠎ᠲᠦ᠂ ᠡᠷᠬᠡ ᠮᠡᠳᠡᠯ ᠡᠷᠬᠡ ᠲᠡᠭᠰᠢ ᠪᠠᠢᠬᠤ᠎ᠶᠢ ᠵᠢᠷᠤᠮᠯᠠᠨ ᠶᠠᠪᠤᠭᠤᠯᠤᠨ᠎ᠠ; ᠬᠣᠶᠠᠳᠤᠭᠠᠷ᠎ᠲᠤ᠂ ᠤᠯᠠᠨ ᠤᠯᠤᠰ᠎ᠤᠨ ᠬᠠᠤᠯᠢᠵᠢᠯ᠎ᠢ ᠵᠢᠷᠤᠮᠯᠠᠨ᠎ᠠ; ᠭᠤᠷᠪᠠᠳᠤᠭᠠᠷ᠎ᠲᠤ᠂ ᠤᠯᠠᠨ ᠲᠠᠯᠠᠲᠤ ᠦᠵᠡᠯ᠎ᠢ ᠦᠢᠯᠡᠳᠦᠯᠭᠡᠵᠢᠭᠦᠯᠦᠨ᠎ᠡ; ᠳᠥᠷᠪᠡᠳᠦᠭᠡᠷ᠎ᠲᠦ᠂ ᠬᠥᠮᠥᠨ᠎ᠢᠶᠡᠷ ᠦᠨᠳᠦᠰᠦ ᠪᠣᠯᠭᠠᠬᠤ᠎ᠶᠢ ᠰᠠᠨᠠᠭᠠᠴᠢᠯᠠᠨ᠎ᠠ; ᠲᠠᠪᠤᠳᠤᠭᠠᠷ᠎ᠲᠤ᠂ ᠠᠵᠢᠯᠯᠠᠭᠠᠨ᠎ᠢᠶᠠᠷ ᠤᠳᠤᠷᠢᠳᠤᠮᠵᠢ ᠪᠣᠯᠭᠠᠬᠤ᠎ᠶᠢ ᠴᠢᠬᠤᠯᠠᠴᠢᠯᠠᠨ᠎ᠠ᠃