ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   《 ᠨᠢᠭᠡ ᠪᠡᠬᠢᠯᠡᠯᠲᠡ 》
ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶ᠋ᠢᠨ ᠵᠥᠪᠱᠢᠶᠡᠷᠡᠯ᠎ᠢᠶᠡᠷ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ ᠴᠡᠷᠢᠭ᠎ᠢ ᠮᠠᠨᠳᠤᠭᠤᠯᠬᠤ ᠲᠤᠬᠠᠶ ᠥᠭᠦᠯᠡᠭᠰᠡᠨ ᠨᠢ (ᠳᠥᠷᠪᠡ)》 ᠭᠡᠬᠦ᠌ ᠨᠣᠮ᠎ᠢ ᠪᠦᠬᠦ᠌ ᠴᠡᠷᠢᠭ᠎ᠲᠤ ᠳᠠᠷᠤᠮᠠᠯᠯᠠᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-10-13

ᠱᠢᠨᠬᠤᠸᠠ ᠬᠤᠷᠢᠶ᠎ᠠ᠎ᠶ᠋ᠢᠨ ᠪᠡᠭᠡᠵᠢᠩ᠎ᠦᠨ 8 ᠰᠠᠷ᠎ᠠ᠎ᠶ᠋ᠢᠨ 18 ᠎ᠤ᠋ ᠴᠠᠬᠢᠯᠭᠠᠨ ᠮᠡᠳᠡᠭᠡ

ᠰᠢ ᠵᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠪᠥᠬᠥ᠌ ᠴᠡᠷᠢᠭ᠎ᠠᠩᠬᠢ᠎ᠶ᠋ᠢᠨ ᠳᠠᠷᠤᠭ᠎ᠠ ᠪᠠᠢᠯᠳᠤᠭ᠍ᠴᠢᠳ᠎ᠤᠨ ᠰᠢ ᠵᠢᠨ ᠫᠢᠩ᠎ᠤᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠤᠤᠯ ᠬᠡᠪ᠎ᠢᠶᠠᠷ ᠎ᠨᠢ᠂ ᠪᠥᠬᠥ᠌ ᠲᠠᠯ᠎ᠠ᠎ᠪᠠᠷ ᠱᠢᠰᠲ᠋ᠧᠮ ᠲᠡᠶ ᠰᠤᠷᠤᠯᠴᠠᠨ ᠣᠢᠯᠠᠭᠠᠬᠤ᠎ᠳᠤ ᠬᠠᠪᠰᠤᠷᠤᠮᠵᠢ ᠪᠤᠯᠭᠠᠵᠤ᠂ 《ᠬᠣᠶᠠᠷ᠎ᠢ ᠲᠣᠭ᠍ᠲᠠᠭᠠᠭᠰᠠᠨ》᠎ᠤ ᠱᠢᠶ᠋ᠳᠪᠦᠷᠢᠯᠡᠭᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ ᠭᠤᠤᠯᠯᠠᠭ᠍ᠴᠢ᠎ᠵᠢ ᠬᠠᠮᠠᠭᠠᠯᠠᠬᠤ᠂ ᠵᠢᠯᠣᠭᠣᠳᠣᠯᠭ᠎ᠠ᠎ᠶ᠋ᠢ ᠳᠠᠭᠠᠬᠤ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨ᠎ᠤ ᠤᠬᠠᠮᠰᠠᠷ᠎ᠢ ᠴᠢᠩᠭᠠᠳᠭᠠᠬᠤ᠎ᠶ᠋ᠢᠨ ᠲᠥᠯᠥᠭᠡ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠪᠠᠷ ᠵᠥᠪᠱᠢᠶᠡᠷᠡᠬᠦᠯᠵᠤ᠂ ᠴᠡᠷᠢᠭ᠎ᠤᠨ ᠶᠠᠪᠤᠳᠠᠯ᠎ᠤᠨ ᠬᠤᠷᠢᠶ᠎ᠠ᠎ᠶ᠋ᠢᠨ ᠤᠯᠤᠰ ᠲᠥᠷᠥ᠎ᠶ᠋ᠢᠨ ᠠᠵᠢᠯ᠎ᠤᠨ ᠬᠡᠯᠲᠡᠰ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠲᠤᠬᠠᠶ ᠥᠭᠦᠯᠡᠭ᠌ᠰᠡᠨ ᠨᠢ (ᠳᠥᠷᠪᠡ)》 ᠭᠡᠬᠦ᠌ ᠨᠣᠮ᠎ᠢ ᠵᠣᠬᠢᠶᠠᠨ ᠪᠠᠢᠭᠤᠯᠤᠨ ᠨᠠᠢᠷᠠᠭᠤᠯᠤᠨ ᠬᠡᠪᠯᠡᠭᠦᠯᠵᠤ᠂ ᠲᠦᠷᠦᠭᠦᠬᠡᠨ ᠵᠢᠩᠬᠢᠨᠢ᠎ᠪᠡᠷ ᠬᠡᠪᠯᠡᠭᠦᠯᠦᠨ ᠲᠠᠷᠬᠠᠭᠠᠪᠠ᠃

ᠲᠥᠪ᠎ᠤᠨ ᠴᠡᠷᠢᠭ᠎ᠦᠨ ᠶᠠᠪᠤᠳᠠᠯ᠎ᠤᠨ ᠬᠣᠷᠢᠶ᠎ᠠ ᠣᠢᠷ᠎ᠠ᠎ᠳᠤ ᠮᠡᠳᠡᠭ᠌ᠳᠡᠯ ᠨᠡᠢᠳᠡᠯᠡᠨ᠂ ᠪᠦᠬᠦ᠌ ᠴᠡᠷᠢᠭ᠎ᠤᠨ ᠬᠢᠨ᠎ᠤ ᠰᠤᠷᠤᠯᠴᠠᠨ ᠬᠡᠷᠡᠭ᠌ᠯᠡᠬᠦ᠌ ᠲᠤᠬᠠᠢ ᠪᠠᠢᠷᠢᠯᠠᠭᠤᠯᠵᠦ᠂ ᠡᠯ᠎ᠡ ᠱᠠᠲᠤᠨ᠎ᠤ ᠬᠢᠨ ᠨᠠᠷᠢᠨ ᠨᠢᠮᠪᠠᠶ ᠵᠣᠬᠢᠶᠠᠨ ᠪᠠᠢᠭᠤᠯᠵᠤ ᠲᠣᠬᠢᠷᠠᠭᠤᠯᠵᠤ᠂ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠲᠤᠬᠠᠶ ᠥᠭᠦᠯᠡᠭ᠌ᠰᠡᠨ᠎ᠨᠢ (ᠳᠥᠷᠪᠡ)》 ᠬᠡᠬᠦ ᠨᠤᠮ᠎ᠢ ᠰᠤᠷᠤᠯᠴᠠᠬᠤ᠎ᠶ᠋ᠢ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠲᠤᠬᠠᠶ ᠥᠭᠦᠯᠡᠭ᠌ᠰᠡᠨ ᠨᠢ》᠂ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ ᠴᠡᠷᠢᠭ᠎ᠢ ᠮᠠᠨᠳᠤᠭᠤᠯᠬᠤ ᠲᠤᠬᠠᠶ ᠥᠭᠦᠯᠡᠭ᠌ᠰᠡᠨ ᠨᠢ (ᠬᠣᠶᠠᠷ)》᠂ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ ᠴᠡᠷᠢᠭ᠎ᠢ ᠮᠠᠨᠳᠤᠭᠤᠯᠬᠤ ᠲᠤᠬᠠᠶ ᠥᠭᠦᠯᠡᠭ᠌ᠰᠡᠨ ᠨᠢ (ᠭᠤᠷᠪᠠ)》᠂ 《ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢᠨ ᠰᠤᠷᠤᠯᠴᠠᠯᠭ᠎ᠠ᠎ᠶᠢᠨ ᠬᠥᠲᠥᠯᠪᠦᠷᠢ (2023 ᠣᠨ᠎ᠤ ᠬᠡᠪᠯᠡᠯ)》 ᠵᠡᠷᠭᠡ᠎ᠶ᠋ᠢ ᠰᠤᠷᠤᠯᠴᠠᠬᠤ ᠯᠤᠭ᠎ᠠ ᠤᠶᠠᠯᠳᠤᠭᠤᠯᠵᠦ᠂ ᠤᠳᠠᠭᠠᠨ ᠲᠠᠭᠠᠭᠠᠮᠠᠭᠠᠢ ᠪᠠᠷᠢᠮᠳᠠᠯᠠᠵᠤ ᠤᠭ ᠪᠦᠲᠦᠭᠡᠯ᠎ᠢ ᠤᠩᠱᠢᠵᠤ᠂ ᠤᠭ ᠵᠣᠬᠢᠶᠠᠯ᠎ᠢ ᠰᠤᠷᠤᠯᠴᠠᠵᠤ᠂ ᠤᠭ ᠶᠣᠰᠣ᠎ᠶ᠋ᠢ ᠤᠢᠯᠠᠭᠠᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠠᠵᠢᠯ ᠦᠶ᠋ᠯᠡᠰ᠎ᠦᠨ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠎ᠲᠡᠶ ᠤᠶᠠᠯᠳᠤᠭᠤᠯᠵᠤ ᠦᠨᠡᠨ ᠶᠣᠰᠣᠨ᠎ᠤ ᠬᠦᠴᠦᠨ ᠪᠠ ᠦᠶ᠋ᠯᠡᠳᠦᠯᠭᠡ᠎ᠶ᠋ᠢᠨ ᠬᠦᠴᠦᠨ᠎ᠢ ᠤᠢᠯᠠᠭᠠᠨ ᠮᠡᠳᠡᠷᠡᠬᠦ᠎ᠶ᠋ᠢ ᠴᠢᠬᠤᠯᠠᠴᠢᠯᠠᠵᠤ᠂ ᠲᠡᠭᠦᠨ᠎ᠳᠦ ᠠᠭᠤᠯᠤᠭ᠍ᠳᠠᠵᠤ ᠪᠠᠢᠭ᠎ᠠ ᠶᠣᠰᠣ ᠤᠴᠢᠷ ᠵᠦᠶ ᠶᠤᠰᠤ ᠭᠦᠨ ᠶᠣᠰᠣ᠎ᠶ᠋ᠢ ᠨᠠᠩ ᠰᠠᠢᠳᠤᠷ ᠡᠵᠡᠮᠱᠢᠬᠦ᠌ ᠬᠡᠷᠡᠭ᠌ᠲᠡᠶ᠃ ᠨᠠᠮ᠎ᠤᠨ ᠬᠤᠷᠢᠶ᠎ᠠ᠎ᠶ᠋ᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠺᠠᠳ᠋ᠷ᠎ᠤᠨ ᠤᠨᠤᠯ᠎ᠤᠨ ᠡᠭᠡᠯᠵᠢᠲᠤ ᠪᠣᠯᠪᠠᠰᠤᠷᠠᠯ᠂ ᠴᠡᠷᠢᠭ ᠠᠩᠬᠢ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠥᠮᠦᠵᠢᠯ ᠪᠣᠯᠤᠨ ᠶᠡᠬᠡ ᠳᠡᠭᠡᠳᠦ ᠰᠤᠷᠭᠠᠭᠤᠯᠢ᠎ᠶ᠋ᠢᠨ ᠤᠯᠤᠰ ᠲᠦᠷᠦ᠍᠎ᠶ᠋ᠢᠨ ᠤᠨᠤᠯ᠎ᠤᠨ ᠵᠢᠭᠠᠨ ᠰᠤᠷᠭᠠᠯᠲᠠ᠎ᠳᠤ 《ᠰᠢ ᠵᠢᠨ ᠫᠢᠩ ᠴᠡᠷᠢᠭ᠎ᠢ ᠬᠦᠴᠦᠷᠬᠡᠭ᠌ᠵᠢᠭᠦᠯᠵᠦ᠍ ᠴᠡᠷᠢᠭ᠎ᠢ ᠮᠠᠨᠳᠤᠭᠤᠯᠬᠤ ᠲᠤᠬᠠᠢ ᠥᠭᠦᠯᠡᠭ᠌ᠰᠡᠨ ᠨᠢ (ᠲᠦᠷᠪᠡ)》 ᠬᠡᠬᠦ ᠨᠤᠮ᠎ᠢ ᠰᠤᠷᠤᠯᠴᠠᠬᠤ᠎ᠶ᠋ᠢ ᠴᠢᠬᠤᠯᠠ ᠠᠭᠤᠯᠭ᠎ᠠ ᠪᠣᠯᠭᠠᠵᠤ᠂ ᠰᠤᠷᠤᠯᠴᠠᠯᠭ᠎ᠠ᠎ᠶ᠋ᠢᠨ ᠲᠥᠯᠥᠪᠯᠡᠭᠡ᠎ᠳᠦ ᠣᠷᠣᠭᠤᠯᠵᠤ᠂ ᠰᠤᠷᠤᠯᠴᠠᠨ ᠡᠵᠡᠮᠰᠢᠵᠦ ᠨᠡᠪᠲᠡᠷᠡᠲᠡᠯ᠎ᠡ ᠣᠢᠯᠠᠭᠠᠵᠤ ᠪᠣᠳᠠᠲᠠᠢᠵᠢᠭᠤᠯᠬᠤ ᠳᠡᠭᠡᠷ᠎ᠡ ᠬᠦᠴᠦ᠍ ᠲᠠᠯᠪᠢᠬᠤ ᠬᠡᠷᠡᠭ᠌ᠲᠡᠢ᠃ ᠤᠯᠤᠰ ᠲᠦᠷᠦ᠎ᠶᠢᠨ ᠴᠡᠭᠴᠡᠯᠡᠨ ᠪᠣᠯᠪᠠᠰᠤᠷᠠᠭᠤᠯᠬᠤ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠬᠦ ᠎ᠲᠠᠢ ᠤᠶᠠᠯᠳᠤᠭᠤᠯᠤᠨ᠂ ᠦᠵᠡᠯ ᠰᠠᠨᠠᠭ᠎ᠠ᠎ᠶᠢ ᠰᠤᠷᠤᠯᠴᠠᠨ ᠣᠢᠯᠠᠭᠠᠬᠤ ᠳᠤᠮᠳᠠ ᠤᠯᠤᠰ ᠲᠦᠷᠦ᠎ᠶᠢᠨ ᠳᠠᠪᠲᠠᠯᠲᠠ᠂ ᠦᠵᠡᠯ ᠰᠠᠨᠠᠭᠠᠨ᠎ᠤ ᠥᠭᠡᠷᠡᠴᠢᠯᠡᠯᠲᠡ᠎ᠶ᠋ᠢ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ᠂ ᠨᠠᠮᠴᠢ ᠴᠢᠨᠠᠷ᠎ᠤᠨ ᠪᠣᠯᠪᠠᠰᠤᠷᠠᠯ᠂ ᠤᠳᠤᠷᠢᠳᠬᠤ ᠺᠠᠳ᠋ᠷ᠎ᠤᠨ ᠶᠤᠰᠤ ᠮᠤᠷᠠᠯ ᠬᠥᠮᠥᠨ ᠮᠦᠰᠦ ᠵᠡᠷᠭᠡ ᠦᠵᠡᠯ ᠰᠠᠨᠠᠭᠠᠨ᠎ᠤ ᠦᠨᠳᠦᠰᠦ ᠰᠤᠷᠪᠤᠯᠵᠢ᠎ᠶᠢᠨ ᠠᠰᠠᠭᠤᠳᠠᠯ᠎ᠢ ᠤᠯᠠᠮ ᠰᠠᠢᠲᠤᠷ ᠰᠢᠢᠳᠪᠦᠷᠢᠯᠡᠵᠦ᠂ ᠤᠯᠤᠰ ᠲᠦᠷᠦ᠎ᠶᠢᠨ ᠠᠮᠢ ᠠᠬᠤᠢ᠎ᠶᠢ ᠭᠤᠢᠪᠢᠰᠢ ᠦᠭᠡᠢ ᠬᠦᠴᠦᠲᠡᠢ ᠴᠡᠪᠡᠷᠰᠢᠭᠦᠯᠵᠦ᠂ ᠠᠷᠠᠳ᠎ᠤᠨ ᠴᠡᠷᠢᠭ ᠠᠩᠭᠢ᠎ᠶᠢᠨ ᠠᠷᠢᠭᠤᠨ ᠲᠠᠷᠬᠠᠨ ᠢᠷᠠᠭᠤ ᠠᠯᠳᠠᠷ᠎ᠢ ᠪᠡᠬᠢᠵᠢᠭᠦᠯᠬᠦ ᠬᠡᠷᠡᠭᠲᠡᠢ᠃ ᠤᠳᠤᠷᠢᠳᠬᠤ ᠺᠠᠳ᠋ᠷ ᠲᠦᠷᠦᠭᠦᠯᠡᠨ ᠦᠨᠡᠨ ᠬᠦ᠌ ᠰᠤᠷᠤᠯᠴᠠᠵᠤ ᠦᠨᠡᠨ ᠬᠦ᠌ ᠣᠢᠯᠠᠭᠠᠵᠤ ᠦᠨᠡᠨ ᠬᠦ᠌ ᠢᠲᠡᠭᠡᠵᠦ ᠦᠨᠡᠨ ᠬᠦ᠌ ᠬᠡᠷᠡᠭᠯᠡᠵᠦ᠂ ᠲᠣᠰ ᠪᠡᠶ᠎ᠡ᠎ᠶᠢᠨ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢᠶᠡᠷ᠎ᠢᠶᠡᠨ ᠳᠠᠷᠤᠭ᠎ᠠ ᠪᠠᠢᠯᠳᠤᠭ᠍ᠴᠢᠳ᠎ᠲᠤ ᠰᠠᠢᠲᠤᠷ ᠤᠬᠠᠭᠤᠯᠤᠨ ᠲᠠᠢᠯᠪᠤᠷᠢᠯᠠᠵᠤ ᠬᠠᠪᠰᠤᠷᠤᠨ ᠵᠢᠯᠤᠭᠣᠳᠬᠤ᠎ᠶᠢ ᠴᠢᠬᠤᠯᠠᠴᠢᠯᠠᠵᠤ᠂ ᠡᠯ᠎ᠡ ᠱᠠᠲᠤᠨ᠎ᠤ ᠤᠯᠤᠰ ᠲᠥᠷᠥ᠎ᠶᠢᠨ ᠠᠵᠢᠯ᠎ᠤᠨ ᠰᠠᠯᠠᠭ᠎ᠠ ᠮᠥᠴᠢᠷ᠎ᠰᠤᠷᠤᠯᠴᠠᠯᠭ᠎ᠠ᠎ᠶᠢ ᠵᠢᠯᠤᠭᠣᠳᠬᠤ ᠪᠠ ᠱᠠᠯᠠᠪᠳᠠᠭᠤᠯᠤᠨ ᠪᠠᠢᠴᠠᠭᠠᠬᠤ᠎ᠪᠠᠨ ᠴᠢᠩᠭᠠᠳᠬᠠᠵᠤ᠂ ᠥᠷᠭᠡᠨ ᠣᠯᠠᠨ ᠣᠨᠣᠯ᠎ᠤᠨ ᠠᠵᠢᠯᠲᠠᠨ ᠰᠢᠰᠲᠧᠮᠵᠢᠵᠤ ᠤᠨᠤᠯᠵᠢᠨ ᠶᠤᠰᠤᠵᠢᠭᠰᠠᠨ ᠰᠤᠳᠤᠯᠭᠠᠨ᠎ᠢ ᠴᠢᠩᠭᠠᠳᠬᠠᠵᠤ᠂ ᠴᠡᠷᠢᠭ ᠠᠩᠭᠢ᠎ᠶᠢᠨ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠬᠢᠨ ᠤᠬᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠴᠡᠷᠢᠭ ᠠᠩᠭᠢ᠎ᠶ᠋ᠢᠨ ᠰᠤᠷᠤᠯᠴᠠᠨ ᠲᠤᠭᠤᠱᠢᠯᠠᠭᠤᠯᠤᠭᠰᠠᠨ ᠦᠷ᠎ᠡ ᠪᠦᠲᠦᠮᠵᠢ᠎ᠶᠢ ᠠᠮᠢᠳᠤᠯᠢᠭ ᠲᠤᠰᠬᠠᠵᠤ᠂ ᠣᠨᠣᠯ᠎ᠵᠢᠡᠷ ᠵᠡᠪᠰᠡᠭᠯᠡᠬᠦ᠎ᠶ᠋ᠢ ᠪᠣᠳᠠᠲᠠᠢᠵᠢᠭᠤᠯᠬᠤ᠎ᠶ᠋ᠢ ᠠᠬᠢᠭᠤᠯᠬᠤ ᠬᠡᠷᠡᠭᠲᠡᠢ᠃ ᠤᠨᠤᠯ᠎ᠢ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠰᠤᠷᠲᠠᠯ᠎ᠢ ᠶᠡᠬᠡ᠎ᠪᠡᠷ ᠪᠠᠳᠠᠷᠠᠭᠤᠯᠵᠤ᠂ ᠪᠣᠳᠠᠲᠠᠢ ᠦᠷ᠎ᠡ ᠪᠦᠲᠦᠮᠵᠢ᠎ᠪᠡᠷ ᠰᠤᠷᠤᠯᠴᠠᠯᠭ᠎ᠠ᠎ᠶᠢᠨ ᠦᠷ᠎ᠡ ᠪᠦᠲᠦᠭᠡᠯ᠎ᠢ ᠰᠢᠯᠭᠠᠬᠤ ᠤᠳᠤᠷᠢᠳᠤᠮᠵᠢ᠎ᠶᠢ ᠪᠠᠲᠤ ᠪᠤᠢ ᠪᠣᠯᠭᠠᠵᠤ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶ᠋ᠢ ᠦᠨᠡᠨ ᠬᠦ᠌ ᠬᠦᠴᠦᠯᠡᠨ ᠴᠢᠷᠮᠠᠢᠵᠤ ᠪᠣᠭᠣᠮᠲᠠ ᠰᠢᠪᠲᠤᠯᠬᠤ᠂ ᠡᠷᠡᠯᠬᠡᠭᠯᠡᠨ ᠲᠡᠮᠡᠴᠡᠵᠦ ᠴᠡᠷᠢᠭ᠎ᠢ ᠬᠦᠴᠦᠷᠬᠡᠭᠵᠢᠭᠦᠯᠬᠦ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠶ᠋ᠢ ᠭᠦᠢᠴᠡᠳᠬᠡᠬᠦ ᠴᠢᠳᠠᠪᠤᠷᠢ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠰᠢᠯᠢᠳᠡᠭ ᠬᠢᠷᠢ ᠪᠦᠲᠦᠮᠵᠢ᠎ᠪᠡᠷ ᠴᠡᠷᠢᠭ ᠪᠠᠢᠭᠤᠯᠤᠭᠳᠠᠭᠰᠠᠨ 100 ᠵᠢᠯ᠎ᠦᠨ ᠤᠢ᠎ᠶᠢ ᠤᠭᠲᠤᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄    
          
ᠬᠠᠮᠢᠶ᠎ᠡ ᠪᠦᠬᠦᠢ ᠰᠣᠨᠢᠨ
 
             蒙ICP备05000248号