ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ  -   《 ᠨᠢᠭᠡ ᠪᠡᠬᠢᠯᠡᠯᠲᠡ 》
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠲᠦᠷᠦ᠎ᠶᠢᠨ ᠶᠠᠪᠤᠳᠠᠯ᠎ᠤᠨ ᠬᠣᠷᠢᠶ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 60 ᠵᠢᠯ᠎ᠦᠨ ᠤᠢ᠎ᠶᠢ ᠪᠡᠯᠭᠡᠯᠡᠬᠦ ᠲᠤᠬᠠᠢ ᠪᠠᠶᠠᠷ᠎ᠤᠨ ᠴᠠᠬᠢᠯᠭᠠᠨ ᠴᠢᠮᠡᠭᠡ
ᠨᠡᠶ᠋ᠢᠲᠡᠯᠡᠭᠰᠡᠨ ᠴᠠᠭ᠄ 2025-10-13

ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 8 ᠰᠠᠷ᠎ᠠ᠎ᠶᠢᠨ 21 ᠤ᠋ ᠴᠠᠬᠢᠯᠭᠠᠨ ᠮᠡᠳᠡᠭᠡ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠂ ᠲᠥᠪᠡᠳ᠎ᠦᠨ ᠴᠡᠷᠢᠭ᠎ᠦᠨ ᠲᠣᠭᠣᠷᠢᠭ᠋ ᠲᠤ᠌᠄

ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ 60 ᠵᠢᠯ᠎ᠦᠨ ᠣᠢ ᠬᠦᠷᠴᠦ ᠢᠷᠡᠭᠰᠡᠨ ᠲᠠᠰᠢᠷᠠᠮ᠎ᠵᠢᠡᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠠᠴᠠ ᠲᠦᠪᠡᠳ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠪᠤᠯᠤᠨ ᠡᠯ᠎ᠡ ᠡᠲᠡᠭᠡᠳ᠎ᠤᠨ ᠬᠦᠮᠦᠰ᠂ ᠲᠦᠪᠡᠳ ᠳ᠌ᠤ᠌ ᠰᠠᠭᠤᠭ᠎ᠠ ᠠᠷᠠᠳ᠎ᠤᠨ ᠴᠢᠯᠦᠭᠡᠯᠡᠬᠦ ᠴᠡᠷᠢᠭ᠎ᠦᠨ ᠵᠢᠯᠤᠭᠤᠳᠤᠬᠴᠢ ᠪᠠᠢᠯᠳᠤᠭ᠍ᠴᠢ᠂ ᠵᠡᠪᠰᠡᠭᠲᠦ ᠴᠠᠭᠳᠠᠭ᠎ᠠ᠎ᠶᠢᠨ ᠴᠠᠷᠢᠭ᠌ ᠠᠩᠭᠢ᠎ᠶᠢᠨ ᠳᠠᠷᠤᠭ᠎ᠠ ᠪᠠᠢᠯᠳᠤᠭ᠍ᠴᠢᠳ ᠪᠤᠯᠤᠨ ᠤᠯᠤᠰ ᠲᠦᠷᠦ ᠬᠠᠤᠯᠢ ᠴᠠᠭᠠᠵᠠ᠎ᠶᠢᠨ ᠺᠠᠳ᠋ᠷ ᠴᠠᠭᠳᠠᠭ᠎ᠠ ᠨᠠᠷ᠎ᠲᠤ᠂ ᠲᠦᠪᠡᠳ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠭᠰᠠᠨ ᠪᠠ ᠳᠡᠮᠵᠢᠭᠰᠡᠨ᠂ ᠲᠦᠪᠡᠳ᠎ᠤᠨ ᠬᠦᠭᠵᠢᠯᠲᠡ ᠲᠠᠪᠰᠢᠯᠲᠠ᠎ᠶᠢ ᠬᠠᠯᠠᠮᠵᠢᠯᠠᠨ ᠳᠡᠮᠵᠢᠭᠰᠡᠨ ᠪᠦᠬᠦ ᠬᠦᠮᠦᠰ ᠳ᠌ᠤ᠌ ᠬᠠᠯᠠᠭᠤᠨ ᠪᠠᠶᠠᠷ ᠬᠦᠷᠭᠡᠵᠦ ᠳᠣᠲᠣᠨᠣ᠌᠎ᠪᠠᠷ ᠲᠤᠬᠤᠨᠢᠭᠤᠯᠵᠤ ᠪᠠᠢᠨ᠎ᠠ!

1965 ᠣᠨ᠎ᠳᠤ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭᠳᠠᠭᠰᠠᠨ ᠶᠠᠪᠤᠳᠠᠯ ᠪᠣᠯ ᠲᠥᠪᠡᠳ᠎ᠦᠨ ᠬᠥᠭᠵᠢᠯᠲᠡ᠎ᠶᠢᠨ ᠲᠡᠦᠬᠡᠨ ᠳᠡᠭᠡᠷᠡᠬᠢ ᠨᠢᠭᠡᠨ ᠥᠷᠯᠥᠭ ᠬᠥᠰᠢᠶ᠎ᠡ ᠮᠥᠨ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠲᠥᠪᠡᠳ᠎ᠲᠦ ᠵᠢᠩᠬᠢᠨᠢ᠎ᠪᠡᠷ ᠬᠡᠷᠡᠭᠵᠢᠭᠦᠯᠦᠭᠰᠡᠨ᠎ᠢ ᠬᠠᠷᠠᠭᠤᠯᠵᠤ᠂ ᠲᠥᠪᠡᠳ᠎ᠦᠨ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠴᠠᠭ ᠦᠶ᠎ᠡ᠎ᠶᠢᠨ ᠰᠢᠨ᠎ᠡ ᠬᠠᠭᠤᠳᠠᠰᠤ᠎ᠶᠢ ᠨᠡᠭᠡᠭᠡᠭᠰᠡᠨ ᠪᠠᠢᠨ᠎ᠠ᠃ 60 ᠵᠢᠯ᠎ᠦᠨ ᠲᠤᠷᠰᠢ᠂ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ᠎ᠤᠨ ᠠᠷᠠᠳ ᠲᠦᠮᠡᠨ᠎ᠦ ᠬᠦᠴᠦᠲᠡᠢ ᠳᠡᠮᠵᠢᠯᠭᠡ ᠳᠣᠣᠷ᠎ᠠ᠂ ᠲᠥᠪᠡᠳ᠎ᠦᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠲᠡᠰᠪᠦᠷᠢ ᠬᠠᠲᠠᠭᠤᠵᠢᠯᠲᠠᠢ ᠲᠡᠮᠡᠴᠡᠵᠦ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠠᠮᠵᠢᠯᠲᠠ᠎ᠲᠠᠢ ᠦᠢᠯᠡᠳᠦᠯᠭᠡᠵᠢᠭᠦᠯᠵᠦ᠂ ᠬᠠᠭᠠᠴᠠᠭᠤᠯᠬᠤ᠎ᠶᠢ ᠡᠰᠡᠷᠭᠦᠴᠡᠬᠦ ᠲᠡᠮᠡᠴᠡᠯ ᠡᠯᠪᠡᠭ ᠦᠷ᠎ᠡ ᠪᠦᠲᠦᠮᠵᠢ ᠣᠯᠵᠤ᠂ ᠱᠠᠰᠢᠨ ᠰᠢᠲᠦᠯᠭᠡ᠎ᠶᠢᠨ ᠡᠷᠬᠡ ᠴᠢᠯᠦᠭᠡ ᠭᠦᠢᠴᠡᠳ ᠬᠦᠨᠳᠦᠳᠬᠡᠭᠳᠡᠨ ᠪᠠᠲᠤᠯᠠᠭᠳᠠᠵᠤ᠂ ᠠᠵᠤ ᠠᠬᠤᠢ ᠨᠡᠢᠭᠡᠮ ᠪᠦᠬᠦ ᠲᠠᠯ᠎ᠠ᠎ᠪᠠᠷ ᠬᠥᠭᠵᠢᠵᠦ᠂ ᠠᠷᠠᠳ᠎ᠤᠨ ᠠᠮᠢᠳᠤᠷᠠᠯ ᠶᠡᠬᠡ᠎ᠪᠡᠷ ᠰᠠᠢᠵᠢᠷᠠᠵᠤ᠂ ᠲᠥᠪᠡᠳ᠎ᠦᠨ ᠳᠦᠷᠰᠦ ᠪᠠᠢᠳᠠᠯ᠂ ᠲᠥᠪᠡᠳ᠎ᠦᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠳᠦᠷᠰᠦ ᠪᠠᠢᠳᠠᠯ᠎ᠳᠤ ᠲᠡᠭᠷᠢ ᠭᠠᠵᠠᠷ᠎ᠢ ᠳᠣᠩᠰᠣᠯᠭᠠᠬᠰᠠᠨ ᠲᠡᠦᠬᠡᠲᠦ ᠴᠢᠨᠠᠷᠲᠠᠢ ᠯᠤᠲᠤ ᠶᠡᠬᠡ ᠬᠤᠪᠢᠷᠠᠯᠲᠠ ᠭᠠᠷᠴᠠᠢ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠲᠥᠪᠡᠳ᠎ᠦᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠥᠪᠡᠳ᠎ᠦᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠤᠢᠯ᠎ᠢᠶᠠᠷ ᠬᠠᠯᠠᠮᠵᠢᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠤᠳᠤᠯᠭ᠎ᠠ᠎ᠶ᠋ᠢ ᠲᠣᠭ᠍ᠲᠠᠭᠠᠵᠤ᠂ ᠲᠥᠪᠡᠳ᠎ᠦᠨ ᠡᠯ᠎ᠡ ᠵᠦᠢᠯ᠎ᠦᠨ ᠠᠵᠢᠯ ᠦᠢᠯᠡᠰ᠎ᠦᠨ ᠪᠦᠬᠦ᠌ ᠲᠠᠯ᠎ᠠ᠎ᠶ᠋ᠢᠨ ᠲᠠᠪᠱᠢᠯᠳᠠ᠂ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠳᠡᠯᠡᠬᠡᠢ᠎ᠶ᠋ᠢᠨ ᠰᠡᠭᠡᠷ ᠨᠢᠷᠤᠭᠤ᠎ᠳᠦ ᠲᠠᠰᠤᠷᠠᠯᠳᠠ ᠦᠭᠡᠢ ᠱᠢᠨ᠎ᠡ ᠭᠠᠢᠬᠠᠮᠱᠢᠭ᠎ᠢ ᠡᠭᠦᠳᠴᠡᠢ᠃ ᠲᠥᠪᠡᠳ᠎ᠦᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠪᠦᠬᠦ᠌ ᠲᠠᠯ᠎ᠠ᠎ᠪᠠᠷ ᠢᠯᠠᠯᠲᠠ ᠣᠯᠵᠤ᠂ ᠪᠦᠬᠦ᠌ ᠤᠯᠤᠰ᠎ᠲᠠᠶ ᠬᠠᠮᠲᠤ᠎ᠪᠠᠷ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠪᠡ; ᠨᠡᠢᠭᠡᠮ᠎ᠦᠨ ᠶᠡᠬᠡ ᠲᠠᠯ᠎ᠠ ᠦᠷᠭᠦᠯᠵᠢᠯᠡᠨ ᠲᠣᠭ᠍ᠲᠠᠭᠤᠨ᠎ᠢᠶᠠᠷ ᠰᠠᠢᠵᠢᠷᠠᠵᠤ᠂ ᠬᠠᠭᠠᠴᠠᠭᠤᠯᠬᠤ᠎ᠵᠢ ᠡᠰᠡᠷᠭᠦᠴᠡᠬᠦ᠌ ᠲᠡᠮᠡᠴᠡᠯ ᠭᠦᠨᠵᠡᠭᠡᠢ ᠥᠷᠨᠢᠵᠦ᠍᠂ ᠬᠢᠯᠢ ᠬᠢᠵᠠᠭᠠᠷ ᠪᠡᠬᠢᠵᠢᠵᠦ᠂ ᠬᠢᠯᠢ ᠠᠮᠤᠷ ᠲᠦᠪᠱᠢᠨ ᠪᠣᠯᠪᠠ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠦᠭᠡᠢ ᠪᠠᠳᠤ ᠴᠤᠭᠴᠠᠯᠠᠵᠤ᠂ ᠦᠨᠳᠦᠰᠦᠲᠡᠨ ᠨᠤᠬᠦᠳ ᠪᠦᠯᠬᠦᠮᠳᠡᠵᠦ᠂ ᠱᠠᠱᠢᠨ ᠰᠤᠷᠲᠠᠬᠤᠨ ᠡᠶᠡᠪᠡᠷᠬᠦᠦ ᠨᠠᠢᠷᠠᠮᠳᠠᠭᠤ ᠪᠤᠯᠪᠠ; ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠢᠷᠡᠵᠦ᠍᠂ ᠴᠢᠨᠠᠷ ᠰᠠᠢᠲᠠᠢ ᠬᠥᠭ᠌ᠵᠢᠯᠲᠡ ᠯᠠᠪᠳᠠᠭᠤᠨ ᠪᠠᠲᠤᠲᠠᠢ ᠠᠬᠢᠵᠤ᠂ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠲᠦᠷᠭᠡᠨ ᠠᠬᠢᠵᠤ᠂ ᠰᠣᠶᠣᠯ᠎ᠤᠨ ᠦᠢᠯᠡᠰ ᠴᠡᠴᠡᠭ᠌ᠯᠡᠨ ᠬᠥᠭ᠌ᠵᠢᠵᠦ᠍᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠡᠳᠦᠷ ᠢᠷᠡᠬᠦᠶ᠎ᠡ ᠪᠡᠬᠢᠵᠢᠵᠦ᠍᠂ ᠠᠷᠠᠳ ᠤᠯᠠᠨ ᠠᠮᠤᠷ ᠲᠠᠢᠪᠤᠩ ᠠᠵᠤ ᠲᠦᠷᠦᠪᠡ; ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ ᠪᠦᠬᠦ᠌ ᠲᠠᠯ᠎ᠠ᠎ᠪᠠᠷ ᠴᠢᠩᠭᠠᠷᠠᠵᠤ᠂ ᠲᠥᠪᠡᠳ᠎ᠲᠡᠬᠢ ᠨᠠᠮ᠎ᠤᠨ ᠲᠦᠷᠦ᠍ ᠪᠠᠷᠢᠬᠤ ᠰᠠᠭᠤᠷᠢ ᠨᠡᠩ ᠪᠡᠬᠢᠵᠢᠪᠡ᠃ ᠥᠨᠥᠳᠦᠷ᠎ᠦᠨ ᠲᠥᠪᠡᠳ ᠦᠬᠡᠳᠡᠯᠡᠨ ᠴᠡᠴᠡᠭ᠌ᠯᠡᠵᠦ᠍᠂ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠱᠢᠨ᠎ᠡ ᠲᠥᠪᠡᠳ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠰᠠᠷᠠᠭᠤᠯ ᠳᠠᠷᠳᠠᠩ ᠵᠠᠮ᠎ᠢᠶᠠᠷ ᠣᠮᠣᠭ ᠲᠡᠭᠦᠯᠳᠡᠷ ᠤᠷᠤᠭ᠍ᠰᠢᠯᠠᠵᠤ ᠪᠠᠢᠨ᠎ᠠ!

ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ 60 ᠵᠢᠯ᠎ᠦᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠬᠢᠯᠪᠠᠷ ᠪᠤᠰᠤ᠎ᠪᠠᠷ ᠢᠷᠡᠭᠰᠡᠨ ᠶᠤᠮ᠂ ᠲᠤᠷᠱᠢᠯᠭ᠎ᠠ ᠲᠤᠢᠯ᠎ᠤᠨ ᠡᠷᠬᠢᠮ ᠨᠠᠨᠳᠢᠨ ᠶᠤᠮ᠃ ᠡᠨᠡ ᠪᠣᠯ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠬᠤᠭᠤᠴᠠᠭ᠎ᠠ ᠪᠦᠷᠢ᠎ᠶ᠋ᠢᠨ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠦᠭᠡᠢ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠴᠦᠲᠡᠢ ᠳᠡᠮᠵᠢᠯᠭᠡ᠎ᠶ᠋ᠢᠨ ᠦᠷ᠎ᠡ ᠳ᠋ᠦᠩ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠱᠢᠨ᠎ᠡ ᠲᠥᠪᠡᠳ ᠴᠦ᠍ ᠪᠠᠢᠵᠤ ᠴᠢᠳᠠᠬᠤ ᠦᠭᠡᠢ᠂ ᠨᠠᠮ᠎ᠤᠨ ᠲᠥᠪ ᠬᠤᠷᠢᠶ᠎ᠠ᠎ᠶᠢᠨ ᠲᠥᠪᠡᠳ᠎ᠦᠨ ᠠᠵᠢᠯ᠎ᠤᠨ ᠲᠤᠬᠠᠢ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠣᠯ ᠪᠦᠷᠢᠮᠦᠰᠦᠨ ᠵᠥᠪ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠪᠠᠷᠢᠮᠲᠠᠯᠠᠪᠠᠯ ᠰᠠᠶᠢ ᠨᠡᠢᠭᠡᠮ ᠵᠢᠷᠤᠮᠳᠤ ᠣᠳᠣᠬᠢᠴᠢᠯᠠᠭ᠍ᠰᠠᠨ ᠱᠢᠨ᠎ᠡ ᠲᠥᠪᠡᠳ᠎ᠢ ᠰᠠᠢᠲᠤᠷ ᠪᠦᠳᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠵᠤ ᠴᠢᠳᠠᠨ᠎ᠠ᠃

ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠲᠥᠪᠡᠳ᠎ᠦᠨ ᠠᠵᠢᠯ᠎ᠢ ᠰᠠᠢᠲᠤᠷ ᠬᠢᠬᠦ᠌ ᠨᠢ ᠪᠦᠬᠦ᠌ ᠲᠠᠯ᠎ᠠ᠎ᠳᠤ ᠬᠣᠯᠪᠣᠭ᠍ᠳᠠᠨ᠎ᠠ᠃ ᠲᠥᠪᠡᠳ᠎ᠦᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠢᠮᠠᠭ᠍ᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠬᠦᠨᠵᠡᠭᠡᠢ ᠳᠤᠭᠤᠰᠢᠯᠠᠭᠤᠯᠵᠤ᠂ 《ᠬᠣᠶᠠᠷ᠎ᠢ ᠲᠤᠭᠳᠠᠭᠠᠭᠰᠠᠨ》᠎ᠤ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠭᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠲᠣᠭ᠍ᠲᠠᠭᠤᠨ᠂ ᠬᠥᠭ᠌ᠵᠢᠯᠳᠠ᠂ ᠠᠮᠢ ᠠᠬᠤᠶ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠬᠦ᠌ ᠳᠥᠷᠪᠡᠨ ᠶᠡᠬᠡ ᠶᠠᠪᠤᠳᠠᠯ᠎ᠢ ᠰᠠᠢᠲᠤᠷ ᠠᠳᠭᠤᠵᠤ᠂ ᠪᠦᠯᠬᠦᠮᠳᠡᠯ᠎ᠲᠡᠶ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠶ ᠦᠵᠡᠰᠭᠦᠯᠡᠩᠲᠦ ᠰᠠᠢᠬᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠱᠢᠨ᠎ᠡ ᠲᠥᠪᠡᠳ᠎ᠢ ᠴᠢᠷᠮᠠᠢᠨ ᠪᠦᠲᠦᠭᠡᠨ ᠪᠠᠢᠭᠤᠯᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠲᠡᠶ ᠬᠠᠮᠲᠤ᠎ᠪᠠᠷ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠎ᠶ᠋ᠢᠨ ᠲᠥᠯᠥᠭᠡ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠎ᠶᠢ ᠬᠦᠰᠡᠵᠦ ᠪᠠᠢᠨ᠎ᠠ!

ᠲᠥᠪᠡᠳ᠎ᠲᠦ ᠰᠠᠭᠤᠭ᠎ᠠ ᠠᠷᠠᠳ᠎ᠤᠨ ᠴᠢᠯᠥᠭᠡᠯᠡᠬᠦ᠌ ᠴᠡᠷᠢᠭ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ ᠪᠠ ᠤᠯᠤᠰ ᠲᠦᠷᠦ᠍ ᠬᠠᠤᠯᠢ ᠴᠠᠭᠠᠵᠠ᠎ᠶ᠋ᠢᠨ ᠡᠩᠨᠡᠭᠡ ᠪᠣᠯ ᠤᠯᠤᠰ ᠬᠡᠷ᠎ᠤᠨ ᠠᠮᠤᠷ ᠲᠦᠪᠱᠢᠨ᠎ᠢ ᠰᠠᠬᠢᠨ ᠬᠠᠮᠠᠭᠠᠯᠠᠬᠤ᠂ ᠡᠬᠡ ᠣᠯᠤᠰ᠎ᠤᠨ ᠬᠢᠯᠢ ᠬᠢᠵᠠᠭᠠᠷ᠎ᠢ ᠪᠠᠳᠤᠯᠠᠨ ᠬᠠᠮᠠᠭᠠᠯᠠᠬᠤ᠂ ᠲᠥᠪᠡᠳ᠎ᠦᠨ ᠬᠥᠭ᠌ᠵᠢᠯᠲᠡ ᠳᠠᠪᠱᠢᠯᠲᠠ᠎ᠶ᠋ᠢ ᠠᠬᠢᠭᠤᠯᠬᠤ ᠴᠢᠬᠤᠯᠠ ᠬᠦᠴᠦᠨ ᠮᠥᠨ᠃ ᠨᠠᠮ ᠪᠠ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠱᠢᠯᠢᠳᠡᠭ ᠤᠯᠠᠮᠵᠢᠯᠠᠯ ᠪᠠ ᠰᠤᠷᠲᠠᠯ᠎ᠢᠶᠠᠨ ᠪᠠᠳᠠᠷᠠᠭᠤᠯᠵᠤ᠂ ᠦᠨᠡᠨᠴᠢ ᠱᠢᠳᠤᠷᠭᠤ᠎ᠪᠠᠷ ᠤᠯᠤᠰ᠎ᠢᠶᠠᠨ ᠬᠠᠮᠠᠭᠠᠯᠠᠵᠤ ᠬᠢᠯᠢ ᠬᠢᠵᠠᠭᠠᠷ᠎ᠢ ᠰᠠᠬᠢᠨ ᠬᠠᠮᠠᠭᠠᠯᠠᠵᠤ᠂ ᠴᠡᠷᠢᠭ ᠠᠩᠬᠢ ᠵᠠᠰᠠᠭ᠎ᠤᠨ ᠤᠷᠳᠤᠨ ᠴᠡᠷᠢᠭ ᠠᠷᠠᠳ ᠴᠠᠭ᠍ᠳᠠᠭ᠎ᠠ ᠠᠷᠠᠳ᠎ᠤᠨ ᠪᠦᠯᠬᠦᠮᠳᠡᠯ᠎ᠢ ᠪᠡᠬᠢᠵᠢᠭᠦᠯᠦᠨ ᠴᠢᠩᠭᠠᠳᠭᠠᠵᠤ᠂ ᠲᠥᠪᠡᠳ᠎ᠦᠨ ᠥᠨᠢ ᠤᠳᠠᠭᠠᠨ ᠠᠮᠤᠷ ᠲᠣᠭ᠍ᠲᠠᠭᠤᠨ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠲᠠᠬᠢᠨ ᠱᠢᠨ᠎ᠡ ᠭᠠᠪᠢᠶ᠎ᠠ ᠪᠠᠢᠭᠤᠯᠬᠤ ᠬᠡᠷᠡᠭ᠌ᠲᠡᠢ᠃

ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠦᠨᠡᠨ ᠪᠣᠳᠠᠲᠠᠢ ᠠᠵᠢᠯᠯᠠᠨ ᠲᠡᠮᠡᠴᠡᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠲᠥᠪᠡᠳ᠎ᠦᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠰᠦᠭᠡᠢ!

ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠬᠦᠭᠵᠢᠨ ᠴᠡᠴᠡᠭ᠌ᠯᠡᠬᠦ᠌᠎ᠶ᠋ᠢ ᠵᠥᠩᠨᠡᠶ᠎ᠡ!

ᠲᠥᠪᠡᠳ᠎ᠦᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ᠎ᠶ᠋ᠢ ᠵᠥᠩᠨᠡᠶ᠎ᠡ!

ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ ᠮᠠᠨᠳᠤᠲᠤᠭᠠᠢ!

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ

ᠲᠥᠷᠥ᠎ᠶ᠋ᠢᠨ ᠶᠠᠪᠤᠳᠠᠯ᠎ᠤᠨ ᠬᠣᠷᠢᠶ᠎ᠠ

ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ

ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ

               2025 ᠣᠨ᠎ᠤ 8 ᠰᠠᠷ᠎ᠠ᠎ᠶ᠋ᠢᠨ 21 ᠤ᠋ ᠡᠳᠦᠷ    

ᠢᠷᠡᠯᠲᠡ᠄    
          
ᠬᠠᠮᠢᠶ᠎ᠡ ᠪᠦᠬᠦᠢ ᠰᠣᠨᠢᠨ
 
             蒙ICP备05000248号