《ᠲᠡᠷᠭᠡ ᠵᠣᠭᠰᠣᠭ᠋ᠠᠬᠤ᠂ ᠬᠤᠭᠤᠯᠠ ᠢᠳᠡᠬᠦ᠂ ᠤᠨᠲᠠᠬᠤ᠂ ᠪᠡᠶ᠎ᠡ ᠤᠬᠢᠶᠠᠬᠤ ᠵᠡᠷᠭᠡ ᠦᠵᠡᠬᠦ᠌᠎ᠳᠤ ᠡᠩ᠎ᠤᠨ ᠶᠠᠪᠤᠳᠠᠯ ᠱᠢᠭ᠋ ᠪᠣᠯᠪᠠᠴᠤ ᠡᠳᠦᠷ ᠪᠦᠷᠢ ᠵᠠᠮ ᠳᠡᠭᠡᠷ᠎ᠡ ᠳᠠᠪᠬᠢᠵᠤ ᠪᠠᠢ᠌ᠭ᠎ᠠ ᠪᠢᠳᠡᠨ᠎ᠳᠦ ᠠᠪᠴᠦ ᠬᠡᠯᠡᠪᠡᠯ᠂ ᠨᠢᠭᠡ ᠲᠣᠭᠣᠭ᠎ᠠ ᠬᠠᠯᠠᠭᠤᠨ ᠭᠤᠯᠢᠷ ᠴᠢᠨᠠᠵᠤ ᠴᠢᠳᠠᠬᠤ ᠪᠣᠯᠣᠭᠰᠠᠨ᠎ᠨᠢ ᠦᠨᠡᠬᠡᠷ ᠰᠠᠨᠠᠭ᠋ᠠᠨ᠎ᠳᠤ ᠲᠠᠭ᠋ᠠᠷᠠᠵᠤ᠂ ᠲᠦᠢ᠍ᠯ᠎ᠦᠨ ᠳᠥᠭᠦᠮ ᠪᠤᠯᠤᠭᠰᠠᠨ ᠪᠠᠢ᠌ᠨ᠎ᠠ !》 ᠭᠡᠵᠦ 12 ᠳ᠋ᠤᠭ᠋ᠠᠷ ᠰᠠᠷ᠎ᠠ᠎ᠶᠢᠨ 5᠎ᠤ᠋ ᠡᠳᠦᠷ᠂ ᠣᠷᠳᠣᠰ ᠬᠣᠲᠠ᠎ᠶᠢᠨ S215 ᠰᠢᠲᠦᠭᠡᠨ ᠰᠦᠮ᠎ᠡ᠎ᠶᠢᠨ ᠦᠢᠯᠡᠴᠢᠯᠡᠭᠡᠨ᠎ᠦ᠌ ᠲᠣᠭᠣᠷᠢᠭ᠎ᠲᠤ᠌ ᠬᠣᠭᠣᠯᠠ ᠢᠳᠡᠵᠦ᠍ ᠪᠠᠷᠠᠭ᠋ᠠᠳ ᠠᠮᠠᠷᠠᠵᠤ ᠪᠠᠢ᠌ᠭᠰᠠᠨ ᠵᠣᠣ ᠷᠦᠩ ᠪᠠᠭ᠍ᠱᠢ᠎ᠠᠴᠠ 《ᠵᠢᠯᠣᠭᠣᠴᠢ᠎ᠶᠢᠨ ᠭᠡᠷ》᠎ᠢ᠋ ᠮᠠᠭ᠍ᠲᠠᠨ ᠰᠠᠢ᠌ᠰᠢᠶᠠᠪᠠ᠃

ᠰᠥᠨᠢ᠎ᠶᠢᠨ ᠪᠦᠷᠦᠢ ᠲᠠᠲᠠᠬᠤ᠎ᠳᠤ᠂ ᠡᠨᠡ ᠬᠦ᠌ ᠮᠥᠴᠡᠳ᠋ᠦ᠍ 《ᠵᠢᠯᠣᠭᠣᠴᠢ᠎ᠶᠢᠨ ᠭᠡᠷ》ᠦ᠋ᠨ 《ᠲᠣᠭᠣᠭᠠᠨ ᠭᠡᠷ》 ᠲᠤ ᠲᠣᠭᠣᠭ᠎ᠠ ᠰᠢᠨᠠᠭ᠎ᠠ ᠲᠣᠭᠰᠢᠬᠤ ᠳᠠᠭᠤᠨ ᠲᠠᠰᠤᠷᠠᠭ᠎ᠠ ᠦᠭᠡᠢ ᠰᠣᠨᠣᠰᠳᠠᠨ᠎ᠠ᠂ ᠰᠤᠭᠤᠨᠠᠭᠯᠠᠭᠰᠠᠨ ᠨᠣᠭᠣᠭᠠᠨ᠎ᠤ ᠠᠩᠬᠢᠯᠤᠮ᠎ᠠ ᠦᠨᠦᠷ ᠬᠠᠩᠬᠤᠯᠵᠤ᠂ ᠨᠠᠭ᠋ᠠᠰᠢ ᠴᠠᠭ᠋ᠠᠰᠢ ᠵᠣᠷᠴᠢᠭᠰᠠᠨ ᠵᠢᠯᠣᠭᠣᠴᠢ ᠭᠠᠯ ᠲᠣᠭᠣᠭ᠎ᠠ ᠲᠠᠢ ᠣᠷᠣᠯᠳᠤᠵᠤ ᠬᠣᠭᠣᠯᠠ ᠪᠤᠳᠠᠭ᠎ᠠ ᠴᠢᠨᠠᠵᠤ᠂ ᠵᠠᠯᠭ᠋ᠠᠭ᠎ᠠ᠎ᠪᠠᠷ ᠪᠠᠰᠠ ᠵᠢᠯᠣᠭᠣᠴᠢ ᠨᠢ ᠢᠳᠡᠰᠢᠨᠦ ᠮᠠᠲᠧᠷᠢᠶᠠᠯ᠎ᠢᠶᠠᠨ ᠳᠡᠭᠦᠵᠢᠯᠡᠨ ᠢᠷᠡᠵᠦ ᠮᠥᠷᠯᠡᠨ 《ᠭᠠᠯᠯᠠᠬᠤ》 ᠶᠢ ᠬᠦᠯᠢᠶᠡᠨ᠎ᠡ᠃
ᠣᠢᠯᠠᠭᠠᠭ᠍ᠰᠠᠨ᠎ᠢᠶᠠᠷ᠂ ᠡᠨᠡ ᠬᠦ᠌ 《ᠵᠢᠯᠣᠭᠣᠴᠢ᠎ᠶᠢᠨ ᠬᠠᠮᠲᠤ᠎ᠪᠠᠷ ᠡᠳ᠋ᠯᠡᠬᠦ᠌ ᠲᠣᠭᠤᠭᠠᠨ ᠬᠡᠷ》᠎ᠢ 2023 ᠣᠨ᠎ᠤ 10 ᠳ᠋ᠤᠭ᠋ᠠᠷ ᠰᠠᠷ᠎ᠠ᠎ᠳᠤ ᠵᠢᠩᠬᠢᠨᠢ᠎ᠪᠠᠷ ᠠᠱᠢᠭ᠍ᠯᠠᠯᠲᠠ᠎ᠳᠤ ᠣᠷᠣᠭᠤᠯᠵᠤ᠂ ᠣᠳᠣᠬᠠᠨ᠎ᠳᠤ᠂ ᠲᠣᠭᠤᠭᠠᠨ ᠬᠡᠷ᠎ᠤᠨ ᠳᠣᠲᠣᠷ᠎ᠠ ᠪᠢᠴᠢᠯ ᠳᠣᠯᠭᠢᠶᠠᠨ ᠵᠤᠤᠬ᠎ᠠ᠂ ᠨᠣᠭᠤᠭ᠎ᠠ ᠤᠬᠢᠶᠠᠬᠤ ᠲᠠᠲᠠᠭᠠᠯ᠂ ᠤᠰᠤ ᠬᠠᠯᠠᠭ᠋ᠠᠭᠤᠷ᠂ ᠬᠤᠭᠤᠯᠠᠨ ᠱᠢᠷᠡᠭᠡ ᠵᠡᠷᠭᠡ᠎ᠶ᠋ᠢ ᠲᠠᠯᠪᠢᠵᠤ ᠨᠠᠭ᠋ᠠᠰᠢ ᠴᠠᠭ᠋ᠠᠰᠢ ᠵᠣᠷᠴᠢᠬᠤ ᠵᠢᠯᠣᠭᠤᠴᠢ ᠦᠨ᠎ᠡ ᠲᠥᠯᠥᠪᠦᠷᠢ ᠥᠬᠡᠶ᠎ᠪᠠᠷ ᠬᠡᠷᠡᠭ᠌ᠯᠡᠵᠦ᠍ ᠪᠠᠢᠨ᠎ᠠ᠃ ᠡᠭᠦᠨ᠎ᠢᠶᠠᠷ ᠪᠠᠷᠠᠬᠤ ᠥᠬᠡᠶ᠂ ᠡᠨᠡᠬᠦ ᠦᠢᠯᠡᠴᠢᠯᠡᠭᠡᠨ᠎ᠦ ᠲᠣᠭᠣᠷᠢᠭ᠋᠎ᠲᠤ 24 ᠴᠠᠭ᠎ᠤᠨ ᠠᠮᠤᠷ ᠲᠦᠪᠰᠢᠨ᠎ᠦ ᠲᠣᠭᠣᠷᠢᠨ ᠪᠠᠢᠴᠠᠭᠠᠯᠲᠠ ᠬᠢᠵᠦ᠂ ᠥᠨᠴᠥᠭ ᠪᠤᠯᠤᠩ ᠦᠭᠡᠢ ᠬᠢᠨᠠᠨ ᠡᠵᠡᠮᠳᠡᠯ᠎ᠦᠨ ᠪᠦᠷᠬᠦᠯᠲᠡ ᠨᠢ ᠴᠦ᠍ ᠨᠠᠭ᠋ᠠᠰᠢ ᠴᠠᠭ᠋ᠠᠰᠢ ᠵᠣᠷᠴᠢᠬᠤ ᠵᠢᠯᠣᠭᠣᠴᠢ᠎ᠳᠤ ᠳᠦᠭᠦᠷᠡᠩ ᠠᠮᠤᠷ ᠲᠦᠪᠰᠢᠨ᠎ᠦ ᠲᠥᠷᠥᠭᠳᠡᠯ ᠣᠯᠭᠣᠭᠰᠠᠨ ᠪᠠᠢ᠌ᠨ᠎ᠠ᠃
ᠵᠡᠭᠦᠨᠭᠠᠷ ᠬᠣᠰᠢᠭᠤᠨᠤ᠋ S224 ᠼᠤᠤ ᠶᠠᠩ ᠱᠤᠭᠤᠮ ᠳᠡᠭᠡᠷᠡᠬᠢ 《ᠵᠢᠯᠣᠭᠣᠴᠢ᠎ᠶᠢᠨ ᠭᠡᠷ》ᠲᠦ᠍᠂ ᠠᠮᠠᠷᠠᠬᠤ ᠲᠠᠰᠤᠭ᠂ ᠰᠢᠲᠠᠷ᠎ᠠ᠎ᠶᠢᠨ ᠥᠷᠥᠭᠡ᠂ ᠨᠣᠮ ᠤᠩᠰᠢᠬᠤ ᠪᠤᠯᠤᠩ ᠵᠡᠷᠭᠡ ᠴᠢᠳᠠᠮᠵᠢ ᠨᠢ ᠪᠦᠷᠢᠨ ᠪᠠᠢ᠌ᠯ᠎ᠠ᠃ ᠬᠣᠯᠠ ᠵᠠᠮ ᠬᠦᠭᠡᠭᠡᠭᠰᠡ ᠵᠢᠯᠣᠭᠣᠴᠢ ᠨᠠᠷ 《ᠭᠡᠷ》᠎ᠤᠨ ᠡᠭᠦᠳᠡ᠎ᠪᠡᠷ ᠣᠷᠣᠮᠠᠭᠴᠠ ᠪᠡᠶ᠎ᠡ᠎ᠶ᠋ᠢᠨ ᠶᠠᠳᠠᠷᠠᠭ᠎ᠠ᠎ᠪᠠᠨ ᠠᠯᠳᠠᠷᠠᠭ᠋ᠠᠵᠤ ᠲᠠᠶ᠋ᠢᠯᠤᠨ᠎ᠠ᠂ ᠨᠢᠭᠡ ᠴᠣᠮᠣ ᠬᠠᠯᠠᠭᠤᠨ ᠤᠰᠤ ᠤᠤᠭᠤᠬᠤ ᠪᠤᠶᠤ ᠨᠢᠭᠡ ᠠᠶᠠᠭ᠎ᠠ ᠬᠠᠯᠠᠭᠤᠨ ᠭᠤᠯᠢᠷ ᠳᠡᠪᠲᠦᠭᠡᠵᠦ᠍᠂ ᠳᠠᠬᠢᠭᠠᠳ ᠰᠡᠳᠬᠦᠯ ᠤᠷᠪᠠᠭᠤᠯᠵᠤ ᠬᠡᠳᠦᠨ ᠮᠢᠨᠦ᠋ᠲ ᠠᠮᠠᠷᠠᠪᠠᠯ᠂ ᠬᠠᠯᠠᠭᠤᠨ ᠳᠤᠯᠠᠭᠠᠨ ᠨᠢ ᠪᠠᠲᠤᠯᠠᠭ᠎ᠠ ᠲᠠᠢ᠎ᠪᠠᠷ ᠵᠣᠭᠰᠣᠬᠤ ᠦᠭᠡᠢ᠂ ᠪᠠᠰᠠ ᠰᠡᠳᠬᠢᠯ ᠰᠠᠨᠠᠭᠠᠨ᠎ᠤ ᠲᠠᠢᠳᠬᠤᠷᠠᠭᠤᠯᠤᠯ ᠲᠠᠢ ᠪᠣᠯᠣᠨ᠎ᠠ᠃

G1013 ᠬᠠᠢ᠌ᠯᠠᠷ᠎ᠠᠴᠠ ᠵᠠᠩ ᠪᠸᠢ ᠬᠦᠷᠬᠦ ᠲᠦᠷᠭᠡᠨ᠎ᠦ ᠵᠠᠰᠠᠮᠠᠯ ᠵᠠᠮ ᠰᠠᠩ᠎ᠤᠨ ᠲᠡᠯᠡᠶ᠎ᠶ᠋ᠢᠨ ᠦᠢᠯᠡᠴᠢᠯᠡᠭᠡᠨ᠎ᠤ ᠲᠣᠭᠤᠷᠢᠭ᠎ᠤᠨ 《ᠵᠢᠯᠣᠭᠤᠴᠢ᠎ᠶ᠋ᠢᠨ ᠭᠡᠷ》᠎ᠲᠤ ᠣᠷᠣᠪᠠᠯ᠂ ᠠᠭᠤᠵᠢᠮ ᠰᠠᠷᠠᠭᠤᠯ ᠲᠦᠷ ᠴᠠᠭ᠎ᠤᠨ ᠠᠮᠠᠷᠠᠯᠲᠠ᠎ᠶᠢᠨ ᠲᠣᠭᠣᠷᠢᠭ᠋᠂ ᠵᠥᠭᠡᠯᠡᠨ ᠰᠠᠭᠤᠳᠠᠯ᠂ ᠴᠠᠬᠢᠯᠭᠠᠨ ᠴᠡᠨᠡᠭᠯᠡᠬᠦ ᠤᠭᠯᠠᠭᠤᠷᠭ᠎ᠠ᠎ᠶᠢ ᠨᠠᠭᠠᠯᠳᠤᠭᠤᠯᠤᠨ ᠲᠣᠬᠢᠷᠠᠭᠤᠯᠵᠤ᠂ ᠬᠠᠵᠠᠭᠤ᠎ᠶᠢᠨ ᠬᠠᠯᠠᠭᠤᠨ ᠤᠰᠤ ᠨᠢ ᠬᠠᠯᠠᠭᠤᠨ ᠠᠭᠤᠷ ᠪᠠᠭᠠᠭᠢᠵᠤ᠂ ᠪᠤᠳᠠᠭ᠎ᠠ ᠨᠣᠭᠣᠭ᠎ᠠ᠎ᠶᠢ ᠬᠠᠯᠠᠭᠤᠯᠬᠤ ᠲᠥᠬᠦᠭᠡᠷᠦᠮᠵᠢ ᠨᠢ ᠴᠠᠭ ᠢᠮᠠᠭᠲᠠ ᠵᠠᠷᠯᠢᠭ᠋ ᠬᠦᠯᠢᠶᠡᠵᠦ᠂ ᠲᠤᠰᠠᠭᠠᠷ ᠤᠬᠢᠶᠠᠯᠭ᠎ᠠ᠎ᠶᠢᠨ ᠲᠠᠰᠤᠯᠭ᠎ᠠ ᠨᠢ ᠴᠡᠪᠡᠷ ᠴᠡᠮᠴᠡᠭᠡᠷ ᠪᠠᠢᠵᠤ᠂ ᠬᠥᠯ ᠠᠮᠠᠷᠠᠬᠤ ᠪᠡᠯᠡᠳᠭᠡᠮᠵᠢ ᠨᠢ ᠪᠦᠷᠢᠨ ᠭᠦᠢᠴᠡᠳ᠂ ᠬᠠᠯᠠᠭᠤᠨ ᠳᠣᠲᠣᠨᠣ᠌ ᠪᠠᠢᠳᠠᠭ᠃

ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠨᠢ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠪᠠᠴᠢᠮ ᠪᠡᠷᠬᠡ ᠵᠣᠪᠠᠨᠢᠯ᠎ᠤᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠳ᠋ ᠪᠠᠷᠠᠭ᠎ᠠ᠎ᠶ᠋ᠢᠨ ᠲᠡᠭᠡᠭᠡᠪᠦᠷᠢ᠎ᠶ᠋ᠢᠨ ᠵᠢᠮ᠎ᠡ ᠶᠣᠰᠣ᠂ ᠵᠢᠯᠣᠭᠤᠴᠢ᠎ᠶ᠋ᠢᠨ ᠦᠶ᠋ᠯᠡ ᠠᠵᠢᠯᠯᠠᠭ᠎ᠠ᠎ᠶ᠋ᠢᠨ ᠳᠠᠳᠭᠠᠯ᠂ ᠭᠠᠵᠠᠷ ᠵᠦᠶ᠎ᠶ᠋ᠢᠨ ᠪᠠᠢᠷᠢᠯᠠᠯ ᠵᠡᠷᠭᠡ ᠬᠦᠴᠦᠨ ᠵᠦᠶ᠋ᠯ᠎ᠲᠠᠢ ᠤᠶᠠᠯᠳᠤᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠲᠡᠷᠭᠡ ᠵᠣᠭ᠍ᠰᠣᠭᠠᠬᠤ᠂ ᠠᠮᠠᠷᠠᠬᠤ᠂ ᠢᠳᠡᠭᠡᠨ ᠤᠮᠳᠠᠭᠠᠨ᠂ ᠤᠬᠢᠶᠠᠯᠭ᠎ᠠ᠂ ᠬᠤᠪᠴᠠᠰᠤ ᠤᠬᠢᠶᠠᠬᠤ ᠵᠡᠷᠭᠡ ᠦᠶ᠋ᠯᠡᠴᠢᠯᠡᠭᠡᠨ᠎ᠤ ᠴᠢᠳᠠᠮᠵᠢ᠎ᠶ᠋ᠢ ᠪᠠᠶᠠᠯᠢᠭ᠍ᠵᠢᠭᠤᠯᠤᠨ ᠲᠡᠭᠦᠯᠳᠡᠷᠵᠢᠭᠦᠯᠵᠦ᠍᠂ ᠥᠷᠭᠡᠨ ᠣᠯᠠᠨ ᠪᠠᠷᠠᠭᠠᠨ᠎ᠤ ᠲᠡᠷᠭᠡᠨ ᠵᠢᠯᠣᠭᠤᠴᠢ᠎ᠶ᠋ᠢ ᠠᠵᠢᠯ᠎ᠤᠨ ᠵᠠᠮ᠎ᠳᠤ᠎ᠪᠠᠨ 《ᠬᠠᠯᠠᠭᠤᠨ ᠤᠰᠤ ᠤᠤᠭᠤᠵᠤ᠂ ᠬᠠᠯᠠᠭᠤᠨ ᠬᠤᠭᠤᠯᠠ ᠢᠳᠡᠬᠦ᠂ ᠬᠠᠯᠠᠭᠤᠨ ᠤᠰᠤᠨ ᠤᠬᠢᠶᠠᠯᠭ᠎ᠠ᠂ ᠰᠠᠨᠠᠭ᠎ᠠ ᠠᠮᠤᠷ ᠤᠨᠲᠠᠬᠤ》 ᠪᠣᠯᠵᠤ᠂ ᠵᠣᠯ ᠵᠢᠷᠭᠠᠯᠲᠤ ᠤᠯᠠᠭ᠎ᠠ ᠦᠷᠳᠡᠭᠡ ᠪᠠ ᠬᠠᠯᠠᠭᠤᠨ ᠳᠤᠯᠠᠭᠠᠨ ᠭᠠᠷᠠᠮ᠎ᠢ ᠪᠣᠶ ᠪᠣᠯᠭᠠᠪᠠ᠃ ᠡᠨᠡ ᠵᠢᠯ᠎ᠤᠨ 9 ᠳ᠋ᠤᠭᠡᠷ ᠰᠠᠷ᠎ᠠ᠎ᠠᠴᠠ ᠡᠬᠢᠯᠡᠨ᠂ ᠲᠦᠷᠭᠡᠨ᠎ᠦ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠤᠷᠢᠭ᠎ᠤᠨ 《ᠵᠢᠯᠣᠭᠤᠴᠢ᠎ᠶ᠋ᠢᠨ ᠭᠡᠷ》᠎ᠤᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠠᠷᠠᠭᠠᠨ᠎ᠤ ᠲᠡᠷᠭᠡᠨ ᠵᠢᠯᠣᠭᠤᠴᠢ᠎ᠶ᠋ᠢᠨ ᠴᠤᠪᠤᠷᠠᠯ᠎ᠤᠨ ᠬᠡᠮᠵᠢᠶ᠎ᠡ ᠶᠡᠭᠡ᠂ ᠲᠣᠰᠣ ᠨᠡᠮᠡᠬᠦ᠌ ᠬᠡᠶ ᠨᠡᠮᠡᠬᠦ᠌ ᠥᠷᠲᠡᠭᠡ ᠲᠠᠢ᠂ ᠴᠠᠬᠢᠯᠭᠠᠨ ᠰᠣᠯᠢᠬᠤ ᠰᠠᠭᠤᠷᠢ ᠲᠥᠬᠦᠭᠡᠷᠦᠮᠵᠢ᠎ᠲᠠᠢ ᠲᠦᠷᠭᠡᠨ᠎ᠦ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠤᠷᠢᠭ᠎ᠢ ᠪᠥᠲᠥᠭᠡᠨ ᠪᠠᠢᠭᠤᠯᠵᠤ ᠥᠭᠡᠷᠡᠴᠢᠯᠡᠬᠦ᠌᠎ᠶ᠋ᠢ ᠬᠡᠷᠡᠭ᠌ᠵᠢᠭᠦᠯᠦᠨ᠂ ᠪᠠᠷᠠᠭᠠᠨ᠎ᠤ ᠲᠡᠷᠭᠡᠨ ᠵᠢᠯᠣᠭᠤᠴᠢ᠎ᠳᠤ ᠬᠠᠯᠠᠭᠤᠨ ᠤᠰᠤ ᠬᠠᠩᠭᠠᠬᠤ᠂ ᠤᠬᠢᠶᠠᠯᠭ᠎ᠠ᠂ ᠬᠤᠪᠴᠠᠰᠤ ᠤᠬᠢᠶᠠᠬᠤ ᠵᠡᠷᠭᠡ ᠦᠨ᠎ᠡ ᠲᠥᠯᠥᠪᠦᠷᠢ ᠥᠬᠡᠶ ᠦᠨᠳᠦᠰᠦᠨ ᠦᠢᠯᠡᠴᠢᠯᠡᠭᠡ ᠪᠠ ᠰᠣᠩᠭᠤᠵᠤ ᠪᠣᠯᠬᠤ ᠥᠪᠡᠷᠮᠢᠴᠡ ᠦᠢᠯᠡᠴᠢᠯᠡᠭᠡ ᠬᠠᠩᠭᠠᠪᠠ᠃ ᠠᠵᠢᠯᠯᠠᠭ᠎ᠠ᠎ᠶ᠋ᠢᠨ ᠲᠣᠬᠢᠷᠠᠭᠤᠯᠤᠯᠲᠠ᠎ᠶ᠋ᠢ ᠦᠨᠳᠦᠰᠦᠯᠡᠨ᠂ 2026 ᠣᠨ᠎ᠤ 4 ᠳ᠋ᠤᠭᠡᠷ ᠰᠠᠷ᠎ᠠ᠎ᠶ᠋ᠢᠨ ᠰᠡᠭᠦᠯᠴᠢ ᠪᠣᠯᠬᠤ᠎ᠳᠤ᠂ ᠥᠪᠥᠷ ᠮᠣᠩᠭᠤᠯ ᠲᠣᠰ ᠲᠣᠰ 《ᠡᠳᠦᠷ ᠳᠤᠮᠳᠠᠴᠢ᠎ᠶᠢᠨ ᠪᠠᠷᠠᠭᠠᠨ᠎ᠤ ᠲᠡᠷᠭᠡ᠎ᠶᠢᠨ ᠤᠷᠤᠰᠬᠠᠯ᠎ᠤᠨ ᠬᠡᠮᠵᠢᠶ᠎ᠡ 300 ᠡᠴᠡ ᠳᠡᠭᠡᠭᠰᠢ ᠪᠠᠢᠬᠤ ᠮᠥᠷᠲᠡᠭᠡᠨ ᠲᠦᠷᠭᠡᠨ᠎ᠦ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋ ᠪᠦᠷᠢ᠎ᠶᠢᠨ ᠬᠡᠯᠪᠡᠷᠢ᠎ᠶᠢᠨ 〈 ᠵᠢᠯᠣᠭᠣᠴᠢ᠎ᠶᠢᠨ ᠭᠡᠷ 〉᠎ᠤᠨ ᠬᠣᠭᠣᠷᠣᠨᠳᠣᠬᠢ ᠵᠠᠢ ᠨᠢ 200 ᠺᠢᠯᠣᠮᠧᠲᠷ᠎ᠡᠴᠡ ᠳᠡᠭᠡᠭᠰᠢ ᠪᠠᠢᠬᠤ 》᠎ᠳᠤ ᠨᠡᠢᠴᠡᠬᠦ ᠪᠠᠷᠢᠮᠵᠢᠶᠠᠵᠢᠭ᠍ᠰᠠᠨ ᠵᠢᠷᠤᠮᠵᠢᠭ᠍ᠰᠠᠨ ᠲᠦᠷᠭᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠤᠨ 《 ᠵᠢᠯᠣᠭᠣᠴᠢ᠎ᠶᠢᠨ ᠭᠡᠷ 》᠎ᠢ 10 ᠥᠭᠡᠷᠡᠴᠢᠯᠡᠨ ᠪᠠᠢ᠌ᠭᠤᠯᠵᠤ᠂ ᠲᠦᠷᠢᠮ᠎ᠤᠨ ᠵᠢᠷᠤᠮᠵᠢᠯ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠦᠷᠭᠦᠯᠵᠢᠯᠡᠨ ᠪᠥᠲᠥᠭᠡᠨ ᠪᠠᠢᠭᠤᠯᠬᠤ ᠠᠵᠢᠯᠯᠠᠭᠠᠨ᠎ᠤ ᠦᠢᠯᠡᠴᠢᠯᠡᠭᠡᠨ᠎ᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠤᠨ᠎ᠠ᠃
ᠤᠳᠤᠬᠠᠨ ᠪᠣᠯᠲᠠᠯ᠎ᠠ᠂ ᠪᠥᠬᠦ᠌ ᠣᠷᠣᠨ᠎ᠳᠤ ᠨᠢᠭᠡᠨᠲᠡ 39 《ᠵᠢᠯᠣᠭᠤᠴᠢ᠎ᠶ᠋ᠢᠨ ᠭᠡᠷ》᠎ᠢ ᠪᠠᠢᠭᠤᠯᠪᠠ᠃ ᠱᠢᠯᠭᠠᠨ ᠪᠠᠢᠴᠠᠭᠠᠯᠲᠠ᠎ᠳᠤ ᠪᠠᠲᠤᠯᠠᠭᠳᠠᠭᠰᠠᠨ ᠲᠦᠷᠭᠡᠨ᠎ᠦ ᠵᠠᠰᠠᠮᠠᠯ ᠵᠠᠮ᠎ᠤᠨ ᠦᠢᠯᠡᠴᠢᠯᠡᠭᠡᠨ᠎ᠤ ᠲᠣᠭᠤᠷᠢᠭ᠎ᠤᠨ 《ᠵᠢᠯᠣᠭᠤᠴᠢ᠎ᠶ᠋ᠢᠨ ᠭᠡᠷ》 17 ᠪᠠᠢ᠌ᠨ᠎ᠠ᠃
《ᠵᠢᠯᠣᠭᠤᠴᠢ᠎ᠶ᠋ᠢᠨ ᠭᠡᠷ》᠎ᠨᠢ᠂ ᠵᠢᠯᠣᠭᠤᠴᠢ᠎ᠶᠢᠨ ᠨᠠᠢᠳᠠᠪᠤᠷᠢᠲᠠᠢ ᠭᠡᠷ ᠪᠦᠯᠢ ᠪᠠ ᠬᠠᠢᠷ᠎ᠠ ᠬᠠᠯᠠᠮᠵᠢ᠎ᠶᠢᠨ ᠥᠷᠲᠡᠭᠡ ᠪᠣᠯᠤᠭᠰᠠᠨ᠎ᠢᠶᠠᠷ ᠪᠠᠷᠠᠬᠤ ᠦᠭᠡᠢ᠂ ᠪᠠᠰᠠ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ᠎ᠤᠨ ᠠᠷᠠᠳ ᠲᠦᠮᠡᠨ᠎ᠳᠤ ᠦᠢᠯᠡᠴᠢᠯᠡᠬᠦ᠌ ᠤᠭ ᠰᠠᠨᠠᠭ᠎ᠠ᠎ᠪᠠᠨ ᠨᠠᠷᠢᠨ ᠬᠢᠨᠠᠮᠠᠭᠠᠶ ᠦᠢᠯᠡᠳᠦᠯᠭᠡᠵᠢᠭᠦᠯᠬᠦ᠌ ᠴᠢᠬᠤᠯᠠ ᠠᠴᠢᠶᠠᠯᠠᠪᠤᠷᠢ ᠪᠠ ᠠᠷᠠᠳ ᠲᠦᠮᠡᠨ᠎ᠤ ᠰᠡᠳᠭᠢᠯ ᠬᠠᠨᠤᠮᠵᠢᠲᠠᠶ ᠵᠠᠮ ᠬᠠᠷᠢᠯᠴᠠᠭ᠎ᠠ᠎ᠶ᠋ᠢ ᠪᠦᠲᠦᠭᠡᠨ ᠪᠠᠢᠭᠤᠯᠬᠤ 《ᠦᠢᠯᠡᠴᠢᠯᠡᠭᠡᠨ᠎ᠤ ᠴᠣᠩᠬᠤ》 ᠪᠣᠯᠤᠭ᠍ᠰᠠᠨ ᠪᠠᠢᠨ᠎ᠠ᠃