ᠲᠡᠷᠢᠭᠦᠨ ᠨᠢᠭᠤᠷ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠲᠡᠷᠢᠭᠦᠨ ᠨᠢᠭᠤᠷ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠷᠪᠠᠨ ᠳᠥᠷᠪᠡᠳᠦᠭᠡᠷ ᠤᠳᠠᠭ᠎ᠠ ᠵᠢᠨ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ
ᠨᠡᠶ᠋ᠢᠲᠡᠯᠡᠭᠰᠡᠨ ᠴᠠᠭ᠄ 2025-06-10

    ᠰᠢᠨᠬᠤᠸᠠ ᠬᠤᠷᠢᠶᠠᠨ᠎ᠤ ᠪᠡᠭᠡᠵᠢᠩ᠎ᠤᠨ 6 ᠳ᠋ᠤᠭ᠋ᠠᠷ ᠰᠠᠷ᠎ᠠ ᠵᠢᠨ 9᠎ᠤ ᠡᠳᠦᠷ᠎ᠤᠨ ᠴᠠᠬᠢᠯᠭ᠋ᠠᠨ ᠮᠡᠳᠡᠭᠡ  6 ᠳ᠋ᠤᠭ᠋ᠠᠷ ᠰᠠᠷ᠎ᠠ ᠵᠢᠨ 9᠎ᠤ ᠡᠳᠦᠷ᠂ ᠲᠦᠷᠦ ᠵᠢᠨ ᠶᠠᠪᠤᠳᠠᠯ᠎ᠤᠨ ᠬᠤᠷᠢᠶ᠎ᠠ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ》᠎ᠪᠠᠷ ᠭᠤᠣᠯ ᠰᠡᠳᠦᠪ ᠪᠣᠯᠭ᠋ᠠᠵᠤ᠂ ᠠᠷᠪᠠᠨ ᠳᠥᠷᠪᠡᠳᠦᠭᠡᠷ ᠤᠳᠠᠭ᠎ᠠ ᠵᠢᠨ ᠰᠤᠷᠤᠯᠴᠠᠯᠭ᠎ᠠ ᠵᠢ ᠶᠠᠪᠤᠭᠳᠠᠭᠤᠯᠪᠠ᠃
    ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠡᠷᠬᠢᠯᠡᠭᠴᠢ ᠯᠢᠦ ᠴᠢᠩ ᠲᠠᠶ᠋ᠢᠯᠤᠮᠵᠢ ᠬᠢᠵᠡᠢ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠢ ᠰᠠᠶ᠋ᠢᠳ ᠵᠠᠩ ᠭᠦᠸᠧ ᠴᠢᠩ᠂ ᠯᠢᠦ ᠭᠦᠸᠧ ᠵᠦᠩ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃

李强主持国务院第十四次专题学习1.jpg


    6 ᠳ᠋ᠤᠭ᠋ᠠᠷ ᠰᠠᠷ᠎ᠠ ᠵᠢᠨ 9᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶ᠎ᠠ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠪᠠ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢᠨ ᠠᠭᠤᠰᠤᠯᠳᠤᠨ ᠬᠥᠭᠵᠢᠬᠦ ᠵᠢ ᠠᠬᠢᠭᠤᠯᠬᠤ》᠎ᠪᠠᠷ ᠭᠤᠣᠯ ᠰᠡᠳᠦᠪ ᠪᠣᠯᠭ᠋ᠠᠵᠤ᠂ ᠠᠷᠪᠠᠨ ᠳᠥᠷᠪᠡᠳᠦᠭᠡᠷ ᠤᠳᠠᠭ᠎ᠠ ᠵᠢᠨ ᠲᠤᠰᠬᠠᠢ ᠰᠡᠳᠦᠪᠲᠦ ᠰᠤᠷᠤᠯᠴᠠᠯᠭ᠎ᠠ ᠶᠠᠪᠤᠭᠳᠠᠭᠤᠯᠪᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠰᠤᠷᠤᠯᠴᠠᠯᠭ᠎ᠠ ᠵᠢ ᠡᠷᠬᠢᠯᠡᠪᠡ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠱᠧᠨ ᠬᠤᠩ ᠰᠡᠭᠦᠳᠡᠷᠯᠡᠪᠡ
    ᠯᠢ ᠴᠢᠶᠠᠩ ᠵᠢᠭ᠋ᠠᠵᠤ ᠭᠠᠷᠭ᠋ᠠᠬᠤ᠎ᠳᠤ᠎ᠪᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ᠎ᠨᠢ ᠮᠡᠷᠭᠡᠵᠢᠯ᠎ᠤᠨ ᠰᠤᠳᠤᠯᠭ᠋ᠠᠨ ᠨᠡᠭᠡᠭᠡᠯᠲᠡ᠂ ᠢᠨᠵᠧᠨᠧᠷᠢᠩ᠎ᠤᠨ ᠰᠢᠯᠭ᠋ᠠᠨ ᠭᠡᠷᠡᠴᠢᠯᠡᠭᠡ ᠪᠠ ᠠᠵᠤ ᠦᠢ᠍ᠯᠡᠰᠵᠢᠭᠦᠯᠦᠯᠲᠡ᠂ ᠵᠠᠬ᠎ᠠ ᠳᠡᠯᠭᠡᠭᠦᠷᠴᠢᠯᠡᠯᠲᠡ ᠵᠡᠷᠭᠡ ᠠᠯᠢ ᠣᠯᠠᠨ ᠭᠤᠭᠴᠤᠭ᠎ᠠ ᠵᠢ ᠥᠩᠭᠡᠷᠡᠭᠡᠬᠦ᠎ᠳᠤ᠂ ᠠᠯᠢ ᠨᠢᠭᠡ ᠭᠤᠭᠴᠤᠭ᠎ᠠ᠎ᠨᠢ ᠰᠠᠭ᠋ᠠᠳ᠎ᠲᠠᠢ ᠪᠠᠶ᠋ᠢᠪᠠᠯ ᠴᠥᠮ ᠨᠠᠶ᠋ᠢᠳᠠᠪᠤᠷᠢᠵᠢᠭᠤᠯᠤᠯᠲᠠ ᠵᠢᠨ ᠦᠷ᠎ᠡ ᠪᠦᠲᠦᠮᠵᠢ ᠵᠢ ᠨᠥᠯᠥᠭᠡᠯᠡᠨ᠎ᠡ᠂ ᠵᠠᠩᠭᠢᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠪᠠᠶ᠋ᠢᠭ᠋ᠠᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ᠎ᠳᠠᠬᠢ ᠰᠠᠭ᠋ᠠᠳ ᠲᠦᠭᠵᠢᠷᠡᠯ᠎ᠢ ᠬᠦᠴᠦᠯᠡᠨ ᠨᠡᠪᠲᠡᠷᠡᠭᠦᠯᠬᠦ ᠬᠡᠷᠡᠭᠲᠡᠢ᠃ ᠡᠬᠢ ᠡᠭᠦᠰᠦᠯ᠎ᠳᠠᠬᠢ ᠤᠯᠠᠷᠢᠭᠤᠯᠬᠤ ᠲᠠᠯ᠎ᠠ᠎ᠪᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ ᠨᠡᠭᠡᠭᠡᠯᠲᠡ ᠵᠢᠴᠢ ᠠᠵᠤ ᠦᠢ᠍ᠯᠡᠰ᠎ᠤᠨ ᠬᠥᠭᠵᠢᠯᠲᠡ ᠵᠢᠨ ᠬᠤᠯᠪᠣᠭᠳᠠᠯ ᠪᠦᠬᠦᠢ ᠦᠨᠡᠯᠡᠯᠲᠡ ᠵᠢᠨ ᠲᠣᠭᠲᠠᠯᠴᠠᠭ᠎ᠠ ᠪᠠ ᠲᠣᠭᠲᠠᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠦᠢ᠍ᠯᠡᠴᠢᠯᠡᠬᠦ ᠵᠢᠩᠬᠢᠨᠢ ᠦᠷᠲᠡᠭ᠎ᠢ ᠨᠡᠩ ᠴᠢᠬᠤᠯᠠᠴᠢᠯᠠᠵᠤ᠂ ᠠᠵᠤ ᠦᠢ᠍ᠯᠡᠰ᠎ᠤᠨ ᠬᠡᠷᠡᠭᠴᠡᠭᠡ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠩᠭ᠋ᠠᠯᠭ᠎ᠠ ᠵᠢᠨ ᠨᠡᠶ᠋ᠢᠯᠡᠯᠳᠦᠬᠦ ᠬᠡᠮᠵᠢᠶ᠎ᠡ ᠵᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠤᠯᠠᠷᠢᠭᠤᠯᠤᠨ ᠵᠣᠯᠭ᠋ᠠᠭᠤᠯᠬᠤ ᠲᠠᠯ᠎ᠠ᠎ᠪᠠᠷ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠥᠬᠦᠴᠡᠯ᠎ᠲᠠᠢ ᠠᠵᠤ ᠠᠬᠤᠶ᠋ᠢᠯᠠᠯ᠎ᠢ ᠳᠡᠮᠵᠢᠵᠦ ᠪᠠᠶ᠋ᠢᠭ᠋ᠠᠳ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠦᠷᠦᠯ ᠵᠦᠢ᠍ᠯ᠎ᠢ ᠲᠦᠷᠦᠭᠦᠯᠡᠨ ᠬᠢᠯᠭᠡᠬᠦ ᠪᠤᠶᠤ ᠲᠡᠭᠦᠨ᠎ᠳᠤ ᠣᠷᠣᠯᠴᠠᠭᠤᠯᠵᠤ᠂ ᠠᠵᠤ ᠠᠬᠤᠶ᠋ᠢᠯᠠᠯ ᠪᠠ ᠶᠡᠭᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠵᠢᠨ ᠨᠢᠭᠲᠠ ᠬᠠᠮᠲᠤᠷᠠᠯᠴᠠᠬᠤ ᠵᠢ ᠬᠥᠲᠥᠯᠥᠨ ᠵᠢᠯᠤᠭᠤᠳᠴᠤ᠂ ᠠᠵᠤ ᠦᠢ᠍ᠯᠡᠰ᠎ᠤᠨ ᠤᠷᠢᠳᠠᠯᠲᠤ ᠪᠠᠶ᠋ᠢᠳᠠᠯ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠰᠠᠭᠤᠳᠠᠯ᠎ᠢ ᠬᠠᠮᠲᠤ᠎ᠪᠠᠷ ᠪᠣᠯᠪᠠᠰᠤᠷᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠭᠤᠮᠲᠠ ᠰᠢᠪᠲᠤᠯᠬᠤ ᠠᠵᠢᠯ᠎ᠢ ᠬᠠᠮᠲᠤᠷᠠᠨ ᠥᠷᠨᠢᠭᠦᠯᠬᠦ ᠬᠡᠷᠡᠭᠲᠡᠢ᠃ ᠤᠯᠠᠷᠢᠭᠤᠯᠤᠨ ᠬᠡᠷᠡᠭᠯᠡᠬᠦ ᠲᠠᠯ᠎ᠠ᠎ᠪᠠᠷ᠂ ᠠᠩᠬᠠᠳᠠᠭᠴᠢ ᠮᠡᠷᠭᠡᠵᠢᠯ ᠪᠦᠲᠦᠭᠡᠯ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠵᠦ᠂ ᠪᠡᠶ᠎ᠡ᠎ᠪᠠᠨ ᠳᠠᠭ᠋ᠠᠭ᠋ᠠᠵᠤ ᠪᠣᠭᠤᠮᠲᠠ ᠰᠢᠪᠲᠤᠯᠬᠤ ᠮᠡᠷᠭᠡᠵᠢᠯ ᠪᠠ ᠦᠢ᠍ᠯᠡᠳᠬᠦᠨ᠎ᠢ ᠬᠡᠪᠴᠢᠶᠡᠵᠢᠭᠦᠯᠦᠨ ᠬᠡᠷᠡᠭᠯᠡᠬᠦ᠎ᠳᠤ᠎ᠪᠠᠨ ᠲᠠᠰᠤᠷᠠᠯᠲᠠ ᠦᠭᠡᠢ ᠳᠠᠪᠬᠤᠴᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ ᠭᠡᠵᠡᠢ᠃
    ᠯᠢ ᠴᠢᠶᠠᠩ ᠴᠢᠬᠤᠯᠠᠴᠢᠯᠠᠬᠤ᠎ᠳᠤ᠎ᠪᠠᠨ᠂ ᠪᠦᠲᠦᠮᠵᠢᠲᠡᠢ ᠵᠠᠬ᠎ᠠ ᠳᠡᠯᠭᠡᠭᠦᠷ ᠪᠠ ᠴᠢᠷᠮᠠᠶ᠋ᠢᠯᠭ᠎ᠠ᠎ᠲᠠᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠪᠠᠨ ᠪᠠᠷᠢᠮᠲᠠᠯᠠᠵᠤ᠂ ᠳᠡᠮᠵᠢᠬᠦ ᠲᠦᠷᠦ ᠵᠢᠨ ᠪᠣᠳᠣᠯᠭ᠎ᠠ ᠪᠠ ᠵᠠᠬ᠎ᠠ ᠳᠡᠯᠭᠡᠭᠦᠷ᠎ᠤᠨ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠢ ᠬᠠᠮᠵᠢᠯᠴᠠᠭᠰᠠᠨ᠂ ᠠᠮᠢᠵᠢᠷᠠᠯ᠎ᠤᠨ ᠬᠦᠴᠦᠨ ᠵᠶ᠋ᠠᠷ ᠪᠢᠯᠬᠠᠮ᠎ᠠ ᠦᠷ᠎ᠡ ᠪᠦᠲᠦᠭᠡᠯ ᠤᠯᠠᠷᠢᠭᠤᠯᠬᠤ ᠲᠣᠭᠲᠠᠯᠴᠠᠭ᠎ᠠ ᠵᠢ ᠪᠦᠷᠢᠯᠳᠦᠭᠦᠯᠬᠦ ᠬᠡᠷᠡᠭᠲᠡᠢ᠃ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ ᠤᠯᠠᠷᠢᠭᠤᠯᠬᠤ ᠵᠢᠮ᠎ᠡ ᠶᠣᠰᠣ ᠵᠢ ᠵᠢᠷᠤᠮᠯᠠᠵᠤ᠂ ᠲᠤᠰᠢᠶᠠᠯ᠎ᠤᠨ ᠬᠤᠭᠤᠴᠠᠭ᠋ᠠᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠣᠯᠭᠤᠬᠤ ᠪᠠ ᠡᠳ᠋ ᠬᠥᠷᠥᠩᠭᠡ ᠵᠢ ᠠᠰ᠎ᠲᠤ᠎ᠨᠢ ᠵᠢᠭᠰᠠᠭ᠋ᠠᠬᠤ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠠᠬᠢᠭᠤᠯᠵᠤ᠂ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠨᠡᠩ ᠰᠠᠶ᠋ᠢᠲᠤᠷ ᠬᠥᠭᠵᠢᠭᠡᠬᠦ ᠬᠡᠷᠡᠭᠲᠡᠢ᠃ ᠪᠡᠯᠡ ᠮᠥᠩᠭᠦᠨ᠎ᠤ ᠳᠡᠮᠵᠢᠯᠭᠡ᠎ᠪᠠᠨ ᠨᠡᠮᠡᠭᠳᠡᠭᠦᠯᠵᠦ᠂ ᠰᠡᠳᠬᠢᠮᠵᠢ᠎ᠪᠠᠨ ᠤᠯᠠᠮ ᠨᠢᠭᠡ ᠠᠯᠬᠤᠮ ᠥᠷᠭᠡᠳᠬᠡᠵᠦ᠂ ᠵᠠᠬ᠎ᠠ ᠳᠡᠯᠭᠡᠭᠦᠷ᠎ᠤᠨ ᠬᠦᠴᠦᠨ᠎ᠢ ᠨᠡᠩ ᠢᠯᠡᠭᠦᠦ ᠬᠡᠷᠡᠭᠯᠡᠵᠦ᠂ ᠨᠡᠶ᠋ᠢᠭᠡᠮ᠎ᠤᠨ ᠬᠥᠷᠥᠩᠭᠡ ᠵᠢ ᠲᠠᠲᠠᠵᠤ ᠣᠷᠣᠭᠤᠯᠤᠯᠲᠠ ᠵᠢ᠎ᠨᠢ ᠨᠡᠮᠡᠭᠳᠡᠭᠦᠯᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠮᠥᠩᠭᠦᠨ ᠭᠦᠢ᠍ᠯᠭᠡᠭᠡᠨ᠎ᠤ ᠨᠡᠷᠡᠳᠬᠦᠨ ᠪᠠ ᠦᠢ᠍ᠯᠡᠴᠢᠯᠡᠭᠡᠨ᠎ᠤ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢ᠎ᠨᠢ ᠵᠣᠷᠢᠭᠵᠢᠭᠤᠯᠵᠤ᠂ ᠤᠯᠠᠨ ᠲᠡᠰ ᠳᠠᠪᠬᠤᠷᠭ᠎ᠠ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠢ ᠬᠥᠭᠵᠢᠭᠦᠯᠵᠦ᠂ ᠤᠯᠠᠨ ᠡᠰᠢᠴᠢᠯᠡᠭᠰᠡᠨ ᠪᠡᠯᠡ ᠲᠣᠬᠢᠷᠠᠭᠤᠯᠬᠤ ᠠᠷᠭ᠎ᠠ ᠵᠠᠮ᠎ᠢ ᠬᠠᠩᠭ᠋ᠠᠬᠤ ᠬᠡᠷᠡᠭᠲᠡᠢ᠃ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠨᠢᠭᠡ ᠪᠦᠯᠦᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠲᠥᠯᠥᠪᠵᠢᠭᠦᠯᠬᠦ᠂ ᠬᠥᠲᠥᠯᠥᠨ ᠵᠢᠯᠣᠭᠤᠳᠬᠤ ᠪᠠ ᠲᠡᠮᠵᠢᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ ᠬᠡᠷᠡᠭᠴᠡᠭᠡᠨ᠎ᠤ ᠬᠤᠶᠠᠷ ᠲᠠᠯ᠎ᠠ᠎ᠳᠤ ᠪᠦᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠬᠤ ᠬᠡᠷᠡᠭᠲᠡᠢ ᠭᠡᠵᠡᠢ᠃

ᠢᠷᠡᠯᠲᠡ᠄ ᠦᠪᠦᠷ ᠮᠣᠩᠭᠤᠯ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠭᠢᠮ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯᠳᠤᠭ᠋ᠠᠨ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠺᠠᠽᠠᠬᠰᠲ᠋ᠠᠨ᠎ᠤ ᠶᠡᠷᠦᠩᠬᠡᠶ᠋ᠢᠯᠡᠭᠴᠢ ᠲᠦᠸᠧᠺᠠᠶᠧᠹ᠎ᠲᠠᠢ ᠬᠡᠯᠡᠯᠴᠡᠭᠡ ᠬᠢᠪᠡ
ᠰᠢ ᠵᠢᠨ ᠫᠢᠩ ᠬᠤᠶᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ — ᠳᠤᠮᠳᠠ ᠠᠽᠢᠶ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠦᠭᠡ ᠬᠡᠯᠡᠪᠡ
ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯᠳᠤᠭ᠋ᠠᠨ ᠬᠤᠷᠠᠯᠳᠤᠪᠠ ᠰᠢ ᠵᠢᠨ ᠫᠢᠩ ᠬᠤᠷᠠᠯᠳᠤᠭ᠋ᠠᠨ᠎ᠢ ᠡᠷᠬᠢᠯᠡᠪᠡ
ᠯᠢ ᠴᠢᠶᠠᠩ ᠲᠥᠪᠡᠳ᠎ᠲᠦ ᠪᠠᠢᠴᠠᠭᠠᠨ ᠰᠤᠳᠤᠯᠤᠯᠲᠠ ᠬᠢᠬᠦ᠎ᠳᠦ᠎ᠪᠡᠨ ᠴᠢᠬᠤᠯᠠᠴᠢᠯᠠᠭᠰᠠᠨ ᠨᠢ ᠄ ᠤᠯᠤᠰ᠎ᠤᠨ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠢᠯ᠎ᠢ ᠴᠢᠨᠠᠷ ᠰᠠᠢᠲᠠᠢ ᠬᠡᠷᠡᠭᠵᠢᠭᠦᠯᠵᠦ  ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠠᠬᠢᠭᠤᠯᠵᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠤᠶᠠᠨ ᠵᠢᠷᠭᠠᠯ᠎ᠢ ᠨᠡᠮᠡᠭᠳᠡᠭᠦᠯᠬᠦ ᠬᠡᠷᠡᠭᠲᠡᠢ
 
            